ᠦᠬᠠᠶ ᠶᠢᠨ ᠲᠥᠯᠥᠭᠡᠯᠡᠭᠴᠢᠳ ᠤᠨ ᠪᠦᠯᠬᠦᠮ ᠶᠡᠭᠡ ᠬᠤᠷᠠᠯ ᠳᠤ 14 ᠬᠤᠪᠢ ᠰᠠᠨᠠᠭᠤᠯᠭ᠎ᠠ ᠳᠡᠪᠰᠢᠭᠦᠯᠪᠡ
ᠨᠡᠶᠢᠲᠡᠯᠡᠭᠰᠡᠨ ᠴᠠᠭ᠄
2020-01-17
     ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠤᠭᠤᠴᠠᠭᠠᠨ ᠳᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠳᠭᠡᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠶᠡᠭᠡ ᠬᠤᠷᠠᠯ ᠳᠤ ᠨᠡᠶᠢᠲᠡ 14 ᠬᠤᠪᠢ ᠰᠠᠨᠠᠭᠤᠯᠭ᠎ᠠ ᠳᠡᠪᠰᠢᠭᠦᠯᠪᠡ᠃      ᠡᠨᠡ ᠵᠢᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢᠨ ᠠᠭᠤᠯᠭ᠎ᠠ ᠨᠢ ᠠᠵᠤ ᠦᠢᠯᠡᠳᠪᠦᠷᠢ ᠶᠢᠨ ᠠᠵᠤ ᠠᠬᠤᠶ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠠᠮᠢ ᠠᠬᠤᠶ ᠶᠢᠨ ᠣᠷᠴᠢᠨ ᠨᠥᠬᠦᠴᠡᠯ᠂ ᠬᠠᠤᠯᠢ ᠪᠠᠷ ᠵᠠᠰᠠᠬᠤ ᠪᠠᠶᠢᠭᠤᠯᠤᠯᠲᠠ ᠵᠡᠷᠭᠡ ᠲᠠᠯ᠎ᠠ ᠳᠤ ᠬᠤᠯᠪᠣᠭᠳᠠᠨ᠎ᠠ᠂ ᠵᠢᠱᠢᠶᠡᠯᠡᠪᠡᠯ ᠬᠠᠭᠤᠴᠢᠨ ᠠᠭᠤᠷᠬᠠᠶ ᠶᠢᠨ ᠬᠤᠳᠳᠤᠭ ᠤᠨ ᠡᠬᠢ ᠪᠠᠶᠠᠯᠢᠭ ᠢ ᠵᠠᠯᠭᠠᠯᠳᠤᠭᠤᠯᠬᠤ ᠪᠤᠶᠤ ᠬᠥᠷᠰᠢ ᠵᠡᠷᠭᠡᠯᠡᠳᠡᠭᠡ ᠶᠢᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠢᠨᠠᠨ ᠵᠥᠪᠰᠢᠶᠡᠷᠡᠬᠦ ᠶᠢ ᠳᠥᠭᠦᠮᠴᠢᠯᠡᠵᠦ᠂ ᠨᠡᠭᠦᠷᠡᠰᠦᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠲᠤᠬᠠᠶ ᠰᠠᠨᠠᠭᠤᠯᠭ᠎ᠠ︔ ᠪᠣᠬᠢᠷᠲᠤᠯ ᠥᠬᠡᠶ ᠠᠭᠤᠷᠬᠠᠶ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠲᠤᠬᠠᠶ ᠰᠠᠨᠠᠭᠤᠯᠭ᠎ᠠ︔ ᠦᠬᠠᠶ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥ ᠶᠢᠨ ᠪᠤᠲᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠲᠤᠬᠠᠶ ᠰᠠᠨᠠᠭᠤᠯᠭ᠎ᠠ︔ ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠳᠠ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠲᠤᠬᠠᠶ ᠰᠠᠨᠠᠭᠤᠯᠭ᠎ᠠ︔ ᠡᠩ ᠲᠡᠷᠢᠭᠦᠨ ᠳᠤ ᠦᠬᠠᠶ ᠶᠢ ᠰᠤᠷᠭᠠᠨ ᠬᠥᠮᠦᠵᠢᠯ ᠤᠨ ᠬᠠᠶᠢᠨ ᠰᠦᠪᠡᠭᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠳᠠ ᠶᠢᠨ ᠰᠠᠭᠤᠷᠢᠨ ᠭᠠᠵᠠᠷ ᠪᠣᠯᠭᠠᠬᠤ ᠲᠤᠬᠠᠶ ᠰᠠᠨᠠᠭᠤᠯᠭ᠎ᠠ︔ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠡᠵᠡᠩᠨᠡᠬᠦ ᠲᠡᠷᠭᠡ ᠬᠥᠰᠬᠡ ᠳᠤ ᠠᠯᠪᠠᠳᠠᠯᠭ᠎ᠠ ᠪᠠᠷ ᠳᠠᠭᠠᠳᠬᠠᠯ ᠳᠤ ᠣᠷᠣᠭᠤᠯᠬᠤ ᠲᠤᠬᠠᠶ ᠰᠠᠨᠠᠭᠤᠯᠭ᠎ᠠ ᠵᠡᠷᠭᠡ ᠪᠣᠯᠤᠨ᠎ᠠ᠃ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠨᠢ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ᠂ ᠦᠬᠠᠶ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠲᠥᠯᠥᠭᠡᠯᠡᠭᠴᠢᠳ ᠤᠨ ᠬᠠᠷᠢᠭᠤᠴᠠᠯᠭ᠎ᠠ ᠡᠭᠦᠷᠭᠡᠯᠡᠯ ᠪᠠ ᠢᠳᠡᠪᠬᠢᠲᠡᠶ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号