ᠮᠠᠨ ᠤ ᠬᠤᠲᠠ ᠶᠣᠰᠣ ᠰᠤᠷᠲᠠᠬᠤᠨ ᠤ ᠵᠢᠱᠢᠶᠡᠴᠢ ᠶᠢᠨ ᠲᠣᠭᠤᠷᠢᠨ ᠦᠵᠡᠵᠦ ᠰᠣᠯᠢᠯᠴᠠᠬᠤ ᠬᠥᠳᠡᠯᠭᠡᠭᠡᠨ ᠡᠷᠭᠢᠯᠡᠪᠡ
ᠨᠡᠶᠢᠲᠡᠯᠡᠭᠰᠡᠨ ᠴᠠᠭ᠄
2020-01-17
     1 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠬᠤᠲᠠ ᠶᠢᠨ ᠪᠤᠯᠪᠠᠰᠣᠨ ᠤ ᠠᠵᠢᠯ ᠤᠨ ᠠᠯᠪᠠᠨ ᠬᠡᠷ ᠬᠠᠮᠲᠤᠷᠠᠨ 2020 ᠣᠨ ᠤ ︽ᠶᠣᠰᠣ ᠰᠤᠷᠲᠠᠬᠤᠨ ᠢ ᠤᠯᠠᠮᠵᠢᠯᠠᠵᠤ᠂ ᠬᠡᠪ ᠰᠤᠷᠲᠠᠯ ᠢ ᠦᠢᠯᠡᠳᠦᠯᠭᠡᠵᠢᠭᠦᠯᠬᠦ︾ ᠶᠣᠰᠣ ᠰᠤᠷᠲᠠᠬᠤᠨ ᠤ ᠵᠢᠱᠢᠶᠡᠴᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠶᠢ ᠡᠷᠭᠢᠯᠡᠵᠦ᠂ 40 ᠭᠠᠷᠤᠶ ᠶᠣᠰᠣ ᠰᠤᠷᠲᠠᠬᠤᠨ ᠤ ᠵᠢᠱᠢᠶᠡᠴᠢ ᠣᠷᠣᠯᠴᠠᠵᠠᠶ᠃      ᠠᠵᠢᠯᠯᠠᠭ᠎ᠠ ᠶᠢᠨ ᠳᠤᠮᠳᠠ᠂ ᠶᠣᠰᠣ ᠰᠤᠷᠲᠠᠬᠤᠨ ᠤ ᠵᠢᠱᠢᠶᠡᠴᠢ ᠤᠷᠢᠳ ᠬᠤᠵᠢᠳ ᠬᠤᠲᠠ ᠶᠢᠨ ᠪᠣᠬᠢᠷᠲᠤᠯ ᠥᠬᠡᠶ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠥᠰᠥ ᠴᠠᠰᠤᠨ ᠤ ᠦᠵᠡᠮᠵᠢ ᠶᠢᠨ ᠣᠷᠣᠨ᠂ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠭᠤᠷᠢᠨ ᠦᠵᠡᠭᠰᠡᠨ ᠪᠥᠭᠡᠳ ᠶᠠᠷᠢᠯᠴᠠᠨ ᠰᠣᠯᠢᠯᠴᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠳᠠᠭᠠᠭᠤᠯᠬᠤ ᠦᠢᠯᠡᠳᠦᠯ ᠢᠶᠠᠨ ᠬᠡᠷᠬᠢᠨ ᠨᠠᠩ ᠰᠠᠶᠢᠲᠤᠷ ᠪᠠᠳᠠᠷᠠᠭᠤᠯᠬᠤ ᠲᠤᠬᠠᠶ ᠰᠤᠳᠤᠯᠤᠨ ᠶᠠᠷᠢᠯᠴᠠᠪᠠ᠃      ᠤᠶᠢᠷ᠎ᠠ ᠶᠢᠨ ᠵᠢᠯ ᠳᠤ᠂ ᠮᠠᠨ ᠤ ᠬᠤᠲᠠ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠨᠢᠭᠡ ᠪᠦᠯᠦᠭ ᠶᠣᠰᠣ ᠰᠤᠷᠲᠠᠬᠤᠨ ᠤ ᠵᠢᠱᠢᠶᠡᠴᠢ ᠴᠣᠯᠭᠤᠷᠠᠨ ᠭᠠᠷᠴᠤ᠂ ᠪᠦᠬᠦ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号