ᠮᠠᠨ ᠤ ᠬᠤᠲᠠ ᠥᠪᠥᠷ ᠮᠣᠩᠭᠤᠯ ᠤᠨ ᠪᠠᠩᠬᠢ ᠲᠠᠢ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-01-17
     1 ᠰᠠᠷ᠎ᠠ ᠶᠢᠨ 16 ᠤ ᠡᠳᠦᠷ᠂ ᠮᠠᠨ ᠤ ᠬᠤᠲᠠ ᠪᠣᠯᠤᠨ ᠥᠪᠥᠷ ᠮᠣᠩᠭᠤᠯ ᠤᠨ ᠪᠠᠩᠬᠢ ᠬᠥᠬᠡᠬᠤᠲᠠ ᠳᠤ ᠶᠠᠷᠢᠯᠴᠠᠬᠤ ᠬᠤᠷᠠᠯ ᠬᠢᠵᠦ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠣᠯᠢᠯᠴᠠᠭ᠎ᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠲᠠᠩ ᠢ᠂ ᠥᠪᠥᠷ ᠮᠣᠩᠭᠤᠯ ᠤᠨ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠢᠶᠠ ᠠᠶ ᠪᠢᠩ ᠣᠷᠣᠯᠴᠠᠪᠠ᠃      ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠤᠩᠭᠤᠯ ᠤᠨ ᠪᠠᠩᠬᠢ ᠶᠢᠨ ᠣᠷᠳᠣ ᠬᠤᠭᠤᠴᠠᠭᠠᠨ ᠤ ᠲᠤᠷᠰᠢ ᠦᠬᠠᠶ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠭ᠎ᠠ ᠰᠡᠳᠭᠢᠯ ᠢᠶᠠᠨ ᠢᠯᠡᠳᠭᠡᠪᠡ᠃ ᠲᠡᠷᠡ ᠬᠡᠯᠡᠭᠰᠡᠨ ᠨᠢ᠂ ᠮᠠᠨ ᠤ ᠬᠤᠲᠠ ᠶᠡᠷᠦ ᠠᠴᠠ ᠮᠥᠩᠭᠦᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠪᠠᠩᠬᠢ ᠲᠠᠢ ᠨᠢᠭᠲᠠ ᠬᠠᠷᠢᠯᠴᠠᠭ᠎ᠠ ᠪᠠ ᠰᠠᠶᠢᠨ ᠰᠠᠶᠢᠬᠠᠨ ᠬᠠᠮᠲᠤᠷᠠᠯᠴᠠᠭ᠎ᠠ ᠪᠠᠨ ᠪᠠᠲᠤᠯᠠᠭᠰᠠᠭᠠᠷ ᠢᠷᠡᠵᠡᠶ᠃ 2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠪᠠ ︽13 · 5︾ ᠶᠢᠨ ᠲᠦᠯᠦᠪᠵᠢᠬᠦᠯᠭᠡ ᠶᠢᠨ ᠲᠡᠭᠦᠰ ᠠᠮᠵᠢᠯᠳᠠ ᠶᠢ ᠤᠯᠬᠤ ᠵᠢᠯ ᠪᠣᠯᠬᠤ ᠪᠥᠭᠡᠳ ᠪᠠᠰᠠ ᠴᠤ ᠦᠬᠠᠶ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠥᠪᠥᠷ ᠮᠣᠩᠭᠤᠯ ᠤᠨ ᠪᠠᠩᠬᠢ ᠥᠩᠭᠡᠷᠡᠭᠰᠡᠨ ᠲᠠᠢ ᠪᠠᠨ ᠠᠳᠠᠯᠢ ᠪᠠᠷ ᠦᠬᠠᠶ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠨ᠂ ᠮᠥᠩᠭᠦᠨ ᠬᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭᠠᠨ ᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠮᠠᠨ ᠤ ᠬᠤᠲᠠ ᠪᠠᠰᠠ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠰᠢᠯᠢᠳᠡᠭᠵᠢᠬᠦᠯᠵᠦ᠂ ᠥᠪᠥᠷ ᠮᠣᠩᠭᠤᠯ ᠤᠨ ᠪᠠᠩᠬᠢ ᠶᠢᠨ ᠬᠥᠭᠵᠢᠨ ᠪᠤᠵᠠᠭᠠᠢᠢᠷᠠᠬᠤ ᠳᠤ ᠦᠷᠭᠦᠯᠵᠢᠯᠡᠨ ᠨᠠᠩ ᠴᠢᠨᠠᠷ ᠰᠠᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠠᠬᠢᠭᠤᠯᠵᠤ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠬᠡᠵᠡᠢ᠃      ᠵᠢᠶᠠ ᠠᠶ ᠪᠢᠩ ᠢᠯᠡᠷᠭᠡᠶᠢᠯᠡᠭᠰᠡᠨ ᠨᠢ᠂ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠪᠠᠩᠬᠢ ᠪᠣᠯᠤᠨ ᠦᠬᠠᠶ ᠬᠤᠲᠠ ᠶᠢᠨ ᠬᠠᠷᠢᠯᠴᠠᠭ᠎ᠠ ᠨᠢᠭᠲᠠ ᠪᠠᠶᠢᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ ᠬᠤᠶᠢᠰᠢᠳᠠ᠂ ᠥᠪᠥᠷ ᠮᠣᠩᠭᠤᠯ ᠤᠨ ᠪᠠᠩᠬᠢ ᠦᠬᠠᠶ ᠬᠤᠲᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠦᠬᠠᠶ ᠶᠢᠨ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠦᠬᠠᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠰᠠᠶᠢᠵᠢᠷᠠᠭᠤᠯᠬᠤ ᠳᠤ ᠢᠳᠡᠪᠬᠢᠲᠡᠶ ᠪᠠᠷ ᠬᠤᠪᠢ ᠨᠡᠮᠡᠷᠢ ᠦᠵᠡᠭᠦᠯᠬᠦ ᠪᠣᠯᠤᠨ᠎ᠠ ᠬᠡᠵᠡᠢ᠃      ᠳᠡᠳ᠋ ᠬᠤᠳᠠ ᠶᠢᠨ ᠳᠠᠷᠤᠭ᠎ᠠ ᠪᠦᠦ ᠶᠧ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号