ᠬᠤᠲᠠ ᠶᠢᠨ ᠤᠳᠤᠷᠢᠳᠤᠯᠭ᠎ᠠ ᠪᠦᠬᠦ ᠬᠤᠲᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠪᠠᠶᠢᠴᠠᠭᠠᠨ ᠰᠣᠳᠣᠯᠬᠤ ᠶᠢᠨ ᠬᠠᠮᠲᠤ ᠰᠣᠨᠢᠨ ᠮᠡᠳᠡᠭᠡᠨ ᠤ ᠠᠵᠢᠯᠳᠠᠳ ᠢ ᠲᠤᠬᠤᠨᠢᠭᠤᠯᠪᠠ  ᠳᠠᠩ ᠢ ᠣᠷᠣᠯᠴᠠᠪᠠ
ᠨᠡᠶᠢᠲᠡᠯᠡᠭᠰᠡᠨ ᠴᠠᠭ᠄
2020-01-20
     

     1 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ

ᠬᠤᠲᠠ ᠶᠢᠨ ᠳᠠᠷᠤᠭ᠎ᠠ ᠲᠠᠩ ᠢ ᠦᠬᠠᠶ ᠶᠢᠨ ᠡᠳᠦᠷ ᠤᠨ ᠰᠣᠨᠢᠨ ᠤ ᠬᠤᠷᠢᠶ᠎ᠠ᠂ ᠦᠬᠠᠶ ᠶᠢᠨ ᠷᠠᠳᠢᠣ᠋ ᠲᠧᠯᠸᠢᠰ

ᠬᠤᠷᠢᠶ᠎ᠠ ᠳᠤ ᠭᠦᠨᠵᠡᠭᠡᠶᠢᠷᠡᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ᠂ ᠥᠷᠭᠡᠨ

ᠣᠯᠠᠨ ᠰᠣᠨᠢᠨ ᠮᠡᠳᠡᠭᠡᠨ ᠤ ᠠᠵᠢᠯᠳᠠᠳ ᠲᠤ ᠳᠣᠲᠣᠨᠣ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ

᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠬᠡᠯᠳᠡᠰ ᠤᠨ

ᠳᠠᠷᠤᠭ᠎ᠠ ᠵᠢᠶ ᠰᠢᠶᠣᠤ ᠴᠢᠩ᠂ ᠳᠡᠳ᠋ ᠬᠤᠲᠠ ᠶᠢᠨ ᠳᠠᠷᠤᠭ᠎ᠠ ᠡᠤ ᠶᠧ ᠸᠧᠨ ᠬᠠᠮᠲᠤ ᠪᠠᠶᠢᠴᠠᠭᠠᠨ ᠰᠤᠳᠤᠯᠪᠠ᠃

     ᠦᠬᠠᠶ ᠶᠢᠨ ᠡᠳᠦᠷ ᠤᠨ ᠰᠣᠨᠢᠨ ᠤ ᠬᠤᠷᠢᠶ᠎ᠠ ᠳᠤ᠂ ᠲᠠᠩ ᠢ ︽ᠰᠣᠨᠢᠨ᠂ ᠰᠦᠯᠵᠢᠶ᠎ᠡ᠂ ᠸᠢᠴᠠᠲ᠂

ᠦᠵᠦᠭᠦᠷᠯᠢᠭ᠂ ᠲᠡᠯᠭᠡᠴᠡ︾ ᠵᠡᠷᠭᠡ ᠣᠯᠠᠨ ᠵᠦᠢᠯ ᠤᠨ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠤᠨ ᠬᠡᠷᠡᠭᠯᠡᠯᠲᠡ ᠶᠢ

ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ Vlog ᠪᠦᠲᠦᠭᠡᠭᠳᠡᠬᠦᠨ ᠢ

ᠦᠵᠡᠵᠦ᠂ ᠰᠣᠨᠢᠨ ᠤ ᠲᠡᠤᠬᠡ ᠶᠢᠨ ᠣᠷᠳᠣᠨ ᠢ ᠲᠣᠭᠤᠷᠢᠨ ᠦᠵᠡᠵᠦ ᠦᠬᠠᠶ ᠶᠢᠨ ᠡᠳᠦᠷ ᠤᠨ ᠰᠣᠨᠢᠨ ᠤ

ᠬᠥᠭᠵᠢᠯᠲᠡ ᠶᠢᠨ ᠶᠠᠪᠤᠴᠠ ᠶᠢ ᠣᠶᠢᠯᠠᠭᠠᠪᠠ᠃ ᠲᠡᠷᠡ ᠰᠣᠨᠢᠨ ᠤ ᠬᠤᠷᠢᠶ᠎ᠠ ᠶᠢᠨ ᠠᠵᠢᠯ ᠢ ᠨᠤᠲᠠᠯᠠᠵᠤ᠂ ᠣᠯᠠᠨ ᠢ

ᠦᠷᠭᠦᠯᠵᠢᠯᠡᠨ ᠴᠢᠷᠮᠠᠶᠢᠵᠤ᠂ ᠰᠣᠨᠢᠨ ᠡᠷᠭᠢᠯᠡᠬᠦ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ

ᠭᠡᠵᠦ ᠵᠠᠬᠢᠪᠠ᠃ ᠦᠬᠠᠢ ᠶᠢᠨ ᠷᠠᠳᠢᠣ᠋ ᠲᠧᠯᠸᠢᠰ ᠬᠤᠷᠢᠶᠠᠨ ᠳᠤ᠂ ᠲᠠᠩ ᠢ ᠤᠷᠢᠳ ᠬᠤᠵᠢᠳ ᠨᠠᠶᠢᠷᠠᠭᠤᠯᠬᠤ

ᠮᠠᠰᠢᠨ ᠤ ᠦᠷᠦᠭᠡ᠂ ᠳᠠᠮᠵᠢᠭᠤᠯᠬᠤ ᠮᠠᠰᠢᠨ ᠤ ᠦᠷᠦᠭᠡ᠂ ᠷᠠᠳᠢᠣ᠋ ᠨᠡᠪᠲᠡᠷᠡᠭᠦᠯᠭᠡ ᠶᠢᠨ ᠦᠷᠦᠬᠡ ᠳᠤ ᠬᠦᠷᠴᠦ᠂

ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠵᠤ ᠦᠢᠯᠡᠳᠬᠦ ᠶᠠᠪᠤᠴᠠ᠂ ᠠᠶᠤᠯᠭᠦᠢ ᠨᠡᠪᠲᠡᠷᠡᠭᠦᠯᠭᠡ ᠵᠡᠷᠭᠡ

ᠪᠠᠶᠢᠳᠠᠯ ᠢ ᠨᠠᠷᠢᠨ ᠣᠶᠢᠯᠠᠭᠠᠪᠠ᠃

     ᠲᠠᠩ ᠢ ᠴᠢᠬᠤᠯᠠᠴᠢᠯᠠᠭᠰᠠᠨ ᠨᠢ᠂ ᠰᠣᠨᠢᠨ ᠮᠡᠳᠡᠭᠡᠨ ᠤ ᠵᠠᠭᠤᠴᠢᠯᠠᠭᠤᠷ ᠨᠠᠮ ᠪᠣᠯᠤᠨ ᠠᠷᠠᠳ ᠲᠦᠮᠡᠨ ᠤ

ᠳᠠᠭᠤ ᠬᠤᠭᠤᠯᠠᠢ ᠪᠣᠯᠤᠭᠰᠠᠨ ᠤ ᠬᠤᠪᠢ ᠳᠤ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠢᠮᠠᠭᠲᠠ

ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠡᠷᠡᠰ ᠪᠠᠲᠤ ᠰᠠᠬᠢᠵᠤ᠂ ᠨᠠᠮ ᠤᠨ

ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ᠂ ᠬᠦᠳᠦᠯᠦᠨ ᠵᠢᠯᠣᠭᠤᠳᠬᠤ ᠬᠦᠴᠦᠨ᠂

ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ

ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ

ᠲᠦᠷᠦ ᠶᠢᠨ ᠪᠤᠲᠤᠯᠭ᠎ᠠ ᠶᠢᠨ ᠵᠣᠷᠢᠯᠲᠠ ᠶᠢᠨ ᠤᠯᠠᠮᠵᠢᠯᠠᠭᠴᠢ᠂ ᠴᠠᠭ ᠦᠶ᠎ᠡ ᠶᠢᠨ ᠪᠠᠶᠢᠳᠠᠯ ᠢ ᠲᠡᠮᠳᠡᠭᠯᠡᠭᠴᠢ᠂

ᠨᠡᠶᠢᠭᠡᠮ ᠤᠨ ᠲᠠᠪᠰᠢᠯᠳᠠ ᠶᠢᠨ ᠠᠬᠢᠭᠤᠯᠤᠭᠴᠢ᠂ ᠲᠥᠪ ᠭᠤᠣᠯᠴᠢ ᠰᠢᠳᠤᠷᠭᠤ ᠶᠣᠰᠣᠨ ᠤ ᠰᠠᠬᠢᠨ ᠪᠠᠷᠠᠯᠠᠭᠴᠢ

ᠪᠣᠯᠬᠤ ᠪᠠᠷ ᠴᠢᠷᠮᠠᠶᠢᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠤᠬᠠᠭᠤᠯᠭ᠎ᠠ ᠦᠵᠡᠯ ᠰᠠᠨᠠᠭᠠᠨ ᠤ

ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠠᠲᠤ ᠡᠵᠡᠮᠳᠡᠵᠦ᠂ ᠤᠯᠠᠮᠵᠢᠯᠠᠯᠲᠤ ᠵᠠᠭᠤᠴᠢᠯᠠᠭᠤᠷ ᠪᠣᠯᠤᠨ

ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂

ᠠᠭᠤᠯᠭ᠎ᠠ ᠨᠢ ᠭᠤᠤᠯ ᠪᠣᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠬᠤ ᠶᠢ ᠪᠠᠷᠢᠮᠲᠠᠯᠠᠵᠤ᠂

ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠶᠢᠲᠤᠷ ᠬᠢᠵᠦ᠂ ᠲᠤᠰ ᠪᠡᠶ᠎ᠡ ᠶᠢᠨ ᠣᠨᠴᠠᠯᠢᠭ ᠲᠠᠢ ᠰᠢᠨ᠎ᠡ

ᠵᠠᠭᠤᠴᠢᠯᠠᠭᠤᠷ ᠤᠨ ᠦᠢᠯᠡᠳᠬᠦᠨ ᠢ ᠲᠠᠰᠣᠷᠠᠯᠳᠠ ᠦᠭᠡᠢ ᠭᠠᠷᠭᠠᠵᠤ᠂ ᠤᠯᠠᠨ ᠲᠦᠮᠡᠨ ᠳᠤ ᠨᠡᠩ ᠤᠯᠠᠨ ᠠᠮᠢᠳᠤᠯᠢᠭ

ᠰᠢᠨ᠎ᠡ ᠠᠭᠤᠯᠭ᠎ᠠ ᠪᠣᠯᠤᠨ ᠫᠷᠤᠭ᠍ᠷᠠᠮ ᠢ ᠡᠭᠦᠳᠴᠦ᠂ ᠨᠡᠩ ᠤᠯᠠᠨ ᠦᠵᠡᠵᠦ ᠰᠣᠨᠢᠷᠬᠠᠬᠤ ᠳᠤᠷᠠᠲᠠᠢ ᠰᠣᠨᠢᠨ ᠮᠡᠳᠡᠭᠡ

ᠪᠣᠯᠤᠨ ᠮᠡᠳᠡᠭᠡ ᠵᠠᠩᠭᠢ ᠬᠠᠩᠭᠠᠬᠤ ᠬᠡᠷᠡᠭᠲᠡᠢ᠃ ᠰᠣᠨᠢᠨ ᠮᠡᠳᠡᠭᠡᠨ ᠤ ᠵᠠᠭᠤᠴᠢᠯᠠᠭᠤᠷ ᠪᠣᠯ ᠨᠠᠮ ᠪᠠ ᠵᠠᠰᠠᠭ ᠤᠨ

ᠣᠷᠳᠣᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠮᠥᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ

ᠵᠠᠰᠠᠭ ᠤᠨ ᠣᠷᠳᠣᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠥᠭᠵᠢᠯᠲᠡ ᠳᠤ ᠡᠷᠡᠰ ᠭᠤᠶᠢᠪᠢᠰᠢ ᠦᠭᠡᠢ ᠪᠠᠷ ᠪᠠᠲᠤ

ᠴᠢᠩᠭ᠎ᠠ ᠬᠦᠴᠦᠲᠡᠢ ᠪᠠᠲᠤᠯᠠᠭ᠎ᠠ ᠬᠠᠩᠭᠠᠵᠤ᠂ ᠰᠣᠨᠢᠨ ᠮᠡᠳᠡᠭᠡᠨ ᠤ ᠠᠵᠢᠯ ᠢ ᠳᠡᠮᠵᠢᠬᠦ ᠡᠷᠴᠢᠮ ᠢᠶᠠᠨ ᠲᠠᠰᠤᠷᠠᠯᠳᠠ

ᠦᠭᠡᠢ ᠴᠢᠩᠭᠠᠷᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠥᠭᠵᠢᠯᠲᠡ ᠳᠤ ᠨᠡᠩ ᠶᠡᠭᠡ ᠣᠷᠣᠨ ᠵᠠᠢ

ᠬᠠᠩᠭᠠᠬᠤ ᠪᠠᠷ ᠴᠢᠷᠮᠠᠶᠢᠨ᠎ᠠ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号