1 ᠰᠠᠷ᠎ᠠ ᠶᠢᠨ 18 ᠤ ᠣᠷᠣᠶ᠂ ︽ᠰᠡᠳᠬᠢᠯ ᠨᠢᠭᠡᠳᠦᠨ ᠴᠢᠨᠡᠭᠡᠯᠢᠭ ᠨᠡᠶᠢᠭᠡᠮ ᠢ ᠤᠭᠲᠤᠵᠤ ᠰᠢᠨ᠎ᠡ ᠴᠠᠭ | ᠦᠶ᠎ᠡ ᠳᠤ ᠡᠷᠡᠯᠬᠡᠭᠯᠡᠨ ᠤᠷᠤᠭᠰᠢᠯᠠᠰᠤᠭᠠᠢ︾ ᠭᠡᠬᠦ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · | ᠦᠬᠠᠶ ᠶᠢᠨ 2020 ᠣᠨ ᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠦᠳᠡᠰᠢᠯᠡᠭᠡ ᠣᠲᠣ ᠦᠶ᠎ᠡ ᠶᠢᠨ ᠳᠤᠮᠳᠠᠳᠤ | ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠭᠤᠶᠢᠳᠠ ᠰᠠᠶᠢᠬᠠᠨ ᠲᠣᠭᠯᠠᠵᠠᠶ᠃ ᠬᠤᠲᠠ ᠶᠢᠨ | ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠲᠠ ᠶᠢᠨ ᠳᠠᠷᠤᠭ᠎ᠠ ᠲᠠᠩ ᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠭᠦᠸᠧ ᠦ᠋᠂ ᠬᠤᠲᠠ ᠶᠢᠨ | ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠲᠠ ᠶᠢᠨ | ᠠᠷᠠᠳ ᠲᠠᠢ ᠬᠠᠮᠲᠤ ᠦᠳᠡᠰᠢᠯᠡᠭᠡ ᠶᠢ ᠰᠣᠨᠢᠷᠬᠠᠪᠠ᠃ | ᠡᠨᠡ ᠵᠢᠯ ᠤᠨ ᠦᠳᠡᠰᠢᠯᠡᠭᠡ ᠶᠢᠨ ᠭᠤᠤᠯ ᠰᠡᠳᠦᠪ ᠪᠤᠯ ︽ᠰᠡᠳᠬᠢᠯ ᠨᠢᠭᠡᠳᠦᠨ ᠴᠢᠨᠡᠭᠡᠯᠢᠭ ᠨᠡᠶᠢᠭᠡᠮ ᠢ | ᠤᠭᠲᠤᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠰᠤᠭᠠᠢ︾ ᠪᠤᠯᠤᠨ᠎ᠠ᠂ ᠦᠳᠡᠰᠢᠯᠡᠭᠡ ᠶᠢ ︽ | ᠬᠤᠯᠤᠭᠠᠨ᠎ᠠ ᠵᠢᠯ ᠤᠨ ᠬᠠᠪᠤᠷ ᠢ ᠤᠭᠲᠤᠨ ᠤᠷᠢᠬᠠᠨ ᠬᠠᠪᠤᠷ ᠤᠨ ᠦᠵᠡᠮᠵᠢ ᠶᠢ ᠲᠤᠲᠤᠷᠠᠭᠤᠯᠤᠨᠠᠮ︾᠂ ︽ | ᠬᠤᠯᠤᠭᠠᠨ᠎ᠠ ᠵᠢᠯ ᠤᠨ ᠬᠠᠪᠤᠷ ᠢ ᠮᠡᠳᠡᠭᠡᠯᠡᠨ ᠢᠨᠢᠶᠡᠯᠳᠦᠬᠦ ᠳᠠᠭᠤᠨ ᠬᠠᠩᠬᠢᠨᠠᠭᠤᠯᠤᠨᠠᠮ︾᠂ ︽ᠬᠤᠯᠤᠭᠠᠨ᠎ᠠ ᠵᠢᠯ ᠤᠨ | ᠬᠠᠪᠤᠷ ᠢ ᠤᠭᠳᠣᠵᠦ ᠥᠯᠵᠡᠢ ᠪᠡᠯᠭᠡ ᠬᠦᠷᠭᠡᠨᠡᠮ︾᠂ ︽ᠬᠤᠯᠤᠭᠠᠨ᠎ᠠ ᠵᠢᠯ ᠢᠶᠠᠨ ᠪᠠᠶᠠᠷᠯᠠᠨ ᠣᠭᠳᠣᠵᠦ ᠲᠦᠮᠡᠨ | ᠠᠶᠢᠯ ᠢ ᠪᠠᠶᠠᠰᠬᠠᠨᠠᠮ︾ ᠭᠡᠬᠦ 4 ᠪᠦᠯᠦᠭ ᠬᠤᠪᠢᠶᠠᠵᠤ᠂ ᠤᠷᠠᠯᠢᠭ ᠤᠨ ᠲᠠᠯ᠎ᠠ ᠠᠴᠠ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ ᠢᠯᠠᠩᠭᠤᠶ᠎ᠠ ᠤᠢᠢᠷ᠎ᠠ ᠶᠢᠨ ᠵᠢᠯ ᠠᠴᠠ ᠨᠠᠰᠢ ᠮᠠᠨ ᠤ ᠬᠤᠳᠠ ᠶᠢᠨ ᠠᠵᠤ | ᠠᠬᠤᠢ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠣᠯᠤᠭᠰᠠᠨ ᠯᠤᠲᠤ ᠶᠡᠭᠡ ᠠᠮᠵᠢᠯᠲᠠ ᠪᠦᠲᠦᠮᠵᠢ ᠶᠢ | ᠭᠦᠢᠴᠡᠳ ᠢᠯᠡᠷᠡᠭᠦᠯᠵᠡᠢ᠃ | ᠦᠳᠡᠰᠢᠯᠡᠭᠡ ᠨᠢ ︽ᠬᠤᠯᠤᠭᠠᠨ᠎ᠠ ᠵᠢᠯ ᠢᠶᠠᠨ ᠪᠠᠶᠠᠷᠯᠠᠨ ᠤᠭᠲᠤᠨᠠᠮ︾ ᠭᠡᠬᠦ ᠳᠠᠭᠤᠤ ᠪᠥᠵᠢᠭ ᠤᠨ ᠪᠠᠶᠠᠷ ᠤᠨ | ᠠᠭᠤᠷ ᠠᠮᠢᠰᠬᠤᠯ ᠤᠨ ᠳᠤᠮᠳᠠ ᠬᠥᠰᠢᠭᠡ ᠪᠠᠨ ᠰᠡᠬᠦᠵᠡᠶ᠃ ᠦᠵᠡᠭᠳᠡᠯᠲᠦ ᠳᠠᠭᠤᠤ ᠶᠢᠨ ᠨᠠᠶᠢᠷᠠᠯ ᠳᠠᠭᠤᠤ ︽ᠴᠠᠭ | ᠦᠶ᠎ᠡ ᠶᠢᠨ ᠮᠠᠭᠲᠠᠭᠠᠯ ᠳᠠᠭᠤᠤ︾ ᠨᠢ ᠦᠬᠠᠶ ᠶᠢᠨ ᠬᠥᠮᠦᠰ ᠤᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ | ᠤᠶᠠᠩᠭᠠᠵᠦ᠂ ︽ᠬᠠᠮᠤᠭ ᠤᠨ ᠭᠤᠶᠣ ᠬᠥᠳᠡᠭᠡ ᠲᠣᠰᠬᠤᠨ︾ ᠨᠢ ᠮᠠᠨ ᠤ ᠬᠤᠲᠠ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠡᠷᠡᠰ ᠢᠯᠠᠯᠲᠠ ᠤᠯᠬᠤ ᠡᠷᠴᠢ ᠵᠣᠷᠢᠭ ᠪᠠ ᠦᠷ᠎ᠡ | ᠪᠦᠲᠦᠭᠡᠯ ᠢ ᠲᠣᠭᠠᠴᠢᠵᠤ᠂ ᠪᠥᠵᠢᠭ ︽ᠨᠢᠯᠬ᠎ᠠ ᠬᠡᠤᠬᠡᠳ ᠤᠨ ᠰᠢ ᠵᠦᠴᠦᠭᠡ︾ ᠨᠢ ᠦᠬᠠᠶ ᠶᠢᠨ ᠰᠣᠶᠤᠯ ᠤᠨ ᠬᠡᠪ | ᠨᠠᠮᠪᠠ ᠶᠢ ᠢᠯᠡᠷᠡᠭᠦᠯᠵᠦ᠂ ᠡᠷᠲᠡᠨ ᠤ ᠬᠥᠭᠵᠢᠮ ︽ᠵᠦᠷᠵᠢ ᠶᠢᠨ ᠮᠠᠭᠲᠠᠭᠠᠯ︾ ᠨᠢ ᠵᠢᠭᠳᠡᠯᠡᠭᠰᠡᠨ ᠠᠯᠲᠠᠨ ᠬᠥᠭᠦᠷᠭᠡ᠂ | ᠵᠢᠭᠳᠡᠯᠡᠭᠰᠡᠨ ᠬᠠᠰ ᠲᠤᠭᠤᠷᠭ᠎ᠠ᠂ ᠪᠢᠰᠬᠢᠭᠦᠷ ᠵᠡᠷᠭᠡ ᠤᠯᠠᠮᠵᠢᠯᠠᠯᠲᠤ ᠬᠦᠭᠵᠢᠮᠳᠡᠬᠦᠷ ᠤᠨ ᠨᠠᠶᠢᠷᠠᠯ ᠬᠥᠭᠵᠢᠮ ᠢᠶᠠᠷ | ᠬᠥᠭᠵᠢᠮᠳᠡᠵᠦ᠂ ᠲᠥᠪ ᠶᠡᠬᠡᠮᠰᠦᠭ ᠰᠦᠷ ᠵᠢᠪᠬᠤᠯᠠᠩᠲᠠᠶ᠂ ᠵᠢᠭᠳᠡᠯᠡᠭᠰᠡᠨ ᠠᠯᠲᠠᠨ ᠬᠥᠭᠦᠷᠭᠡ᠂ ᠵᠢᠭᠳᠡᠯᠡᠭᠰᠡᠨ ᠬᠠᠰ | ᠲᠤᠭᠤᠷᠭ᠎ᠠ ᠵᠡᠷᠭᠡ ᠪᠠᠷ ᠤᠯᠠᠮᠵᠢᠯᠠᠯᠲᠤ ᠰᠣᠶᠣᠯ ᠤᠨ ᠲᠠᠭᠤᠨ ᠢ ᠳᠠᠮᠵᠢᠭᠤᠯᠵᠠᠶ᠃ ᠦᠳᠡᠰᠢᠯᠡᠭᠡ ᠨᠢ ᠳᠠᠭᠤᠤ ᠪᠥᠵᠢᠭ | ︽ᠡᠶ᠎ᠡ ᠵᠣᠬᠢᠴᠠᠩᠭᠤᠢ ᠦᠬᠠᠢ︾ ᠶᠢᠨ ᠳᠤᠮᠳᠠ ᠥᠨᠳᠥᠷᠯᠡᠪᠡ᠃ | ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠦᠳᠡᠰᠢᠯᠡᠭᠡ ᠳᠤ ᠣᠷᠣᠯᠴᠠᠭᠰᠠᠨ ᠬᠥᠮᠦᠨ ᠤ ᠲᠤᠭ᠎ᠠ | ᠣᠯᠠᠨ ᠪᠠᠶᠢᠵᠤ᠂ ᠲᠣᠭᠯᠠᠭᠴᠢᠳ 500 ᠭᠠᠷᠤᠶ ᠪᠠᠶᠢᠵᠤ᠂ ᠠᠩᠬᠠᠨ ᠤ ᠡᠭᠦᠳᠦᠯᠲᠡ ᠪᠠ ᠦᠬᠠᠶ ᠶᠢᠨ ᠡᠯᠧᠮᠧᠨ᠋ᠲ | ᠨᠠᠩ ᠢᠯᠡᠷᠬᠡᠶ ᠪᠣᠯᠵᠣ᠂ ᠵᠢᠷᠭᠤᠭ᠎ᠠ ᠲᠤᠯᠤᠭᠠᠨ ᠬᠤᠪᠢ ᠶᠢ ᠡᠵᠡᠯᠡᠪᠡ᠃ ᠳᠠᠭᠤᠤ ᠪᠥᠵᠢᠭ᠂ ᠬᠥᠭᠵᠢᠮ ᠬᠥᠭᠵᠢᠮᠳᠡᠬᠦ | ᠂ ᠰᠢ ᠳᠠᠭᠤᠷᠢᠯᠢᠭ ᠤᠨ ᠨᠠᠶᠢᠷᠠᠯ ᠳᠠᠭᠤᠤ᠂ ᠶᠧᠯᠸᠢ ᠵᠡᠷᠭᠡ ᠨᠢ ᠥᠳᠬᠡᠨ ᠵᠤᠵᠠᠭᠠᠨ ᠰᠢᠨ᠎ᠡ ᠬᠠᠪᠤᠷ ᠤᠨ ᠠᠭᠤᠷ | ᠠᠮᠢᠰᠬᠤᠯ᠂ ᠨᠤᠲᠤᠭ ᠤᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠭᠤᠤᠯ ᠬᠥᠭ ᠠᠶᠠᠰ ᠢ ᠴᠢᠪᠬᠠᠳᠠᠵᠤ᠂ ᠢᠳᠡᠪᠬᠢ | ᠬᠦᠴᠦᠨ ᠢ ᠪᠠᠳᠠᠷᠠᠭᠤᠯᠵᠤ᠂ ᠳᠠᠭᠤ ᠴᠢᠮᠡᠭᠡ ᠶᠢ ᠰᠠᠶᠢᠲᠤᠷ ᠳᠠᠮᠵᠢᠭᠤᠯᠵᠤ᠂ ᠪᠠᠶᠠᠷ ᠪᠠᠶᠠᠰᠬᠤᠯᠠᠩᠲᠤ᠂ ᠡᠶ᠎ᠡ | ᠨᠠᠶᠢᠷᠠᠮᠳᠠᠭᠤ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ 150 ᠮᠢᠨᠦ᠋ᠲ ᠤᠨ ᠲᠣᠭᠯᠠᠯᠲᠠ ᠨᠢ ᠪᠦᠬᠦ | ᠬᠤᠲᠠ ᠶᠢᠨ ᠠᠷᠠᠳ ᠲᠦᠮᠡᠨ ᠳᠤ ᠡᠯᠪᠡᠭ ᠪᠠᠶᠠᠯᠢᠭ ︽ᠰᠣᠶᠣᠯ ᠤᠨ ᠲᠤᠭᠯᠠᠠᠯᠳᠠ︾ ᠬᠦᠷᠭᠡᠵᠡᠶ᠃ | ᠦᠳᠡᠰᠢᠯᠡᠭᠡ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠪᠡᠶ᠎ᠡ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠ ᠦᠬᠠᠶ ᠶᠢᠨ ᠷᠠᠳᠢᠣ᠋ ᠲᠧᠯᠸᠢᠰ ᠬᠤᠷᠢᠶ᠎ᠠ ᠬᠠᠮᠲᠤᠷᠠᠨ | ᠡᠷᠬᠢᠯᠡᠵᠦ᠂ ᠬᠤᠲᠠ ᠶᠢᠨ ᠳᠠᠭᠤᠤ ᠪᠥᠵᠢᠭ ᠤᠨ ᠪᠦᠯᠬᠦᠮ ᠳᠠᠭᠠᠭᠠᠴᠢᠯᠠᠨ ᠡᠷᠭᠢᠯᠡᠪᠡ᠃ | |