ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠪᠦᠬᠦᠳᠡ ︵ᠦᠷᠭᠡᠳᠭᠡᠭᠰᠡᠨ ︶ ᠬᠤᠷᠠᠯ ᠬᠤᠷᠠᠯᠳᠤᠪᠠ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2020-01-20
     1 ᠰᠠᠷ᠎ᠠ ᠶᠢᠨ 19 ᠤ ᠡᠳᠦᠷ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠪᠦᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠾᠦᠸᠧ ᠵᠧᠨ ᠭᠦᠸᠧ ᠬᠤᠷᠠᠯ ᠳᠤ ᠣᠷᠣᠯᠴᠠᠵᠠᠶ᠃ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠼᠦᠢ ᠵᠢᠩ ᠸᠧᠨ ᠬᠤᠷᠠᠯ ᠢ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ ᠬᠤᠷᠠᠯ ᠳᠤ ᠣᠷᠣᠯᠴᠠᠵᠠᠶ᠃      ᠬᠤᠷᠠᠯ ᠠᠴᠠ 2019 ᠣᠨ ᠤ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠲᠡᠷᠢᠭᠦᠨ ᠤ ᠨᠢᠭᠡᠴᠡ᠂ ᠬᠤᠪᠢ ᠬᠦᠮᠦᠨ ᠪᠠ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠪᠠ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ 2019 ᠣᠨ ᠳᠤ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠ ᠲᠡᠷᠢᠭᠦᠯᠡᠭᠴᠢ ᠰᠢ ᠶᠢᠨ ᠫᠢᠩ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ ᠮᠠᠨᠳᠤᠭᠤᠯᠬᠤ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠥᠬᠦ ᠲᠠᠯ᠎ᠠ ᠪᠠᠷ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠠᠬᠢᠴᠠ ᠰᠢᠨ᠎ᠡ ᠠᠮᠵᠢᠯᠲᠠ ᠤᠯᠬᠤ ᠶᠢ ᠠᠬᠢᠭᠤᠯᠪᠠ᠃ ᠥᠷᠭᠡᠨ ᠣᠯᠠᠨ ᠳᠠᠷᠤᠭ᠎ᠠ ᠪᠠᠶᠢᠯᠳᠤᠭᠴᠢᠳ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ᠂ ᠠᠷᠠᠳ ᠤᠨ ᠠᠮᠢᠲᠤᠷᠠᠯ ᠤᠨ ᠪᠠᠲᠤᠯᠠᠭ᠎ᠠ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ᠂ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠵᠦ ᠠᠶᠤᠯ ᠠᠴᠠ ᠠᠪᠤᠷᠠᠬᠤ ᠳᠤᠮᠳᠠ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠬᠦ ᠬᠤᠲᠠ ᠶᠢᠨ ᠺᠠᠳ᠋ᠷ ᠣᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠮᠠᠨ ᠤ ᠬᠤᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠴᠢᠬᠤᠯᠠ ᠬᠤᠪᠢ ᠨᠡᠮᠡᠷᠢ ᠦᠵᠡᠭᠦᠯᠪᠡ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ 2020 ᠤᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠪᠠ ︽13 · 5︾ ᠶᠢᠨ ᠲᠥᠯᠥᠪᠵᠢᠭᠦᠯᠭᠡ ᠶᠢᠨ ᠲᠡᠭᠦᠰ ᠠᠮᠵᠢᠯᠳᠠ ᠣᠯᠬᠤ ᠵᠢᠯ ᠮᠥᠨ᠂ ᠪᠠᠰᠠ ᠴᠤ ᠴᠡᠷᠢᠭ ᠤᠨ ᠬᠤᠪᠢᠶᠠᠷᠢ ᠲᠣᠭᠤᠷᠢᠭ ᠤᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ ᠡᠷᠡᠯᠬᠡᠭᠯᠡᠨ ᠤᠷᠤᠭᠰᠢᠯᠠᠬᠤ ᠵᠢᠯ ᠮᠥᠨ᠃ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠡᠯᠳᠡᠰ ᠪᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠡᠯᠡᠳᠬᠡᠯ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠂ ᠮᠠᠨ ᠤ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠤᠯᠤᠰ ᠲᠥᠷᠥ ᠪᠠᠷ ᠴᠡᠷᠢᠭ ᠪᠠᠶᠢᠭᠤᠯᠬᠤ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠦᠷᠦ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠴᠡᠷᠢᠭ ᠢ ᠬᠦᠴᠦᠷᠬᠡᠭᠵᠢᠭᠦᠯᠬᠦ ᠰᠦᠭ ᠰᠦᠨᠡᠰᠦ ᠶᠢ ᠦᠷᠭᠦᠯᠵᠢᠯᠡᠨ ᠪᠠᠬᠢᠵᠢᠭᠦᠯᠵᠦ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠢ ᠡᠷᠡᠰ ᠲᠤᠤᠱᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠭ ᠡᠷᠭᠦᠨ ᠰᠦᠭ ᠰᠦᠨᠡᠰᠦ ᠶᠢ ᠱᠤᠭᠤᠵᠤ᠂ ᠢᠮᠠᠭᠲᠠ ᠨᠢᠭᠡᠳᠦᠯᠲᠡᠶ ᠪᠥᠭᠡᠳ ᠮᠥᠷᠳᠡᠨ ᠳᠠᠭᠠᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠯᠳᠤᠭᠠᠨᠴᠢᠯᠠᠭᠰᠠᠨ ᠲᠠᠶᠢᠨ ᠤ ᠪᠡᠯᠡᠳᠬᠡᠯ ᠤᠨ ᠪᠣᠯᠪᠠᠰᠤᠷᠠᠯ ᠢᠶᠠᠨ ᠬᠦᠴᠦᠯᠡᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ   ᠶᠢᠨ ᠳᠠᠶᠢᠴᠢᠯᠠᠯᠲᠠ ᠶᠢᠨ ᠪᠡᠯᠡᠳᠬᠡᠯ ᠢᠶᠠᠨ ᠪᠣᠳᠠᠲᠠᠢ ᠠᠳᠬᠤᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠢ ᠪᠠᠶᠢᠭᠤᠯᠤᠨ ᠬᠦᠴᠦᠷᠬᠡᠭᠵᠢᠭᠦᠯᠵᠦ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠤᠯᠤᠰ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠠᠶᠢᠲᠤᠷ ᠠᠳᠬᠤᠵᠤ᠂ ᠰᠠᠨᠠᠭᠠᠰᠢᠷᠠᠬᠤ ᠣᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ᠂ ᠲᠠᠶᠢᠨ ᠬᠢᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠴᠡᠷᠢᠭ ᠪᠣᠯᠪᠠᠰᠤᠷᠠᠭᠤᠯᠤᠨ ᠲᠠᠶᠢᠨ ᠳᠤ ᠪᠡᠯᠡᠳᠬᠡᠵᠦ᠂ ᠳᠠᠭᠤᠳᠠᠮᠠᠭᠴᠠ ᠢᠷᠡᠬᠦ᠂ ᠢᠷᠡᠪᠡᠯ ᠪᠠᠶᠢᠯᠳᠤᠬᠤ᠂ ᠪᠠᠶᠢᠯᠳᠤᠪᠠᠯ ᠵᠠᠪᠠᠯ ᠢᠯᠠᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠤᠯᠤᠰ ᠢᠶᠠᠨ ᠴᠢᠨᠡᠭᠡᠯᠢᠭᠵᠢᠭᠦᠯᠬᠦ ᠪᠠ ᠴᠡᠷᠢᠭ ᠪᠠᠨ ᠬᠦᠴᠦᠷᠬᠡᠭᠵᠢᠭᠦᠯᠬᠦ ᠶᠢ ᠨᠢᠭᠡᠳᠬᠡᠬᠦ᠂ ᠬᠥᠭᠵᠢᠭᠦᠯᠬᠦ ᠪᠠ ᠠᠮᠤᠷ ᠲᠦᠪᠰᠢᠨ ᠢ ᠬᠠᠮᠲᠤ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠢᠮ ᠤᠨ ᠪᠠᠲᠤᠯᠠᠭ᠎ᠠ ᠪᠠᠨ ᠴᠢᠩᠭᠠᠳᠬᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠪᠣᠳᠠᠲᠠᠢ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠨᠥᠬᠦᠴᠡᠯᠳᠦᠯ᠂ ᠬᠠᠷᠢᠯᠴᠠᠨ ᠠᠬᠢᠭᠤᠯᠵᠤ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号