ᠬᠤᠲᠠ ᠶᠢᠨ ᠨᠠᠮ ᠤᠨ ᠬᠤᠷᠢᠶᠠᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/12
     10 ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠭ᠎ᠠ ᠦᠵᠡᠯ ᠰᠠᠨᠠᠭᠠᠨ ᠠᠵᠢᠯ ᠤᠨ ᠤᠳᠤᠷᠢᠳᠬᠤ ᠲᠤᠭᠤᠶᠢᠯᠠᠩ ᠤᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠣ᠂ ︽ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ︽ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠬᠢᠨᠠᠨ ᠵᠥᠪᠯᠡᠵᠦ ᠪᠠᠲᠤᠯᠠᠵᠤ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠭᠤᠣᠯᠯᠠᠬᠤ ᠡᠷᠬᠡ᠂ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠬᠤ ᠬᠡᠷᠡᠭᠳᠡᠢ᠃ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠯ᠎ᠡ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ ᠤ ᠨᠢᠭᠡᠳᠦᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠠᠶᠢᠷ᠎ᠠ ᠰᠡᠳᠭᠢᠯᠭᠡ ᠪᠠᠷ ᠢᠶᠠᠨ ᠬᠦᠴᠦᠯᠡᠨ ᠠᠬᠢᠭᠤᠯᠬᠤ ᠬᠡᠷᠡᠭᠲᠡᠢ᠃ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾  ᠪᠠᠨ ᠰᠠᠶᠢᠲᠤᠷ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠴᠤ ᠪᠦᠬᠦᠢ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ  ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠪᠠᠲᠤ ᠰᠠᠬᠢᠵᠦ᠂ ᠬᠠᠷᠢᠭᠤᠴᠠᠯᠭ᠎ᠠ ᠪᠠᠨ ᠲᠠᠭᠠᠭᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠳᠡᠢ᠃ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠴᠢᠨ ᠤ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠡᠭᠡᠯ ᠠᠷᠠᠳ ᠤᠨ ᠭᠡᠷ ᠲᠤ ᠬᠦᠷᠭᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号