ᠬᠤᠳᠠ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠣᠳᠠᠭᠠᠨ ᠬᠤᠷᠠᠯ ᠵᠢᠴᠢ ᠪᠥᠬᠦ ᠬᠤᠲᠠ ᠶᠢᠨ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠶ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/12
     10 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠣᠳᠠᠭᠠᠨ ᠤ ᠬᠤᠷᠠᠯ ᠵᠢᠴᠢ ᠪᠥᠬᠦ ᠬᠤᠲᠠ ᠶᠢᠨ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠶ ᠰᠡᠳᠦᠪᠲᠦ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠳᠡᠳ᠋ ᠬᠤᠲᠠ ᠶᠢᠨ ᠳᠠᠷᠤᠭ᠎ᠠ ᠯᠢᠦ ᠰᠣ᠋ ᠬᠤᠩ ᠬᠤᠷᠠᠯ ᠳᠤ ᠣᠷᠣᠯᠴᠠᠪᠠ᠃      ᠬᠤᠷᠠᠯ ᠠᠴᠠ 4 ᠳ᠋ᠣᠭᠡᠷ ᠰᠠᠷ᠎ᠠ ᠠᠴᠠ ᠨᠠᠰᠢᠬᠢ ᠶᠡᠷᠦᠩᠬᠡᠶ ᠱᠦᠵᠢ ᠰᠢ ᠶᠢᠨ ᠫᠢᠩ ᠤᠨ ︽ᠲᠠᠷᠢᠶᠠᠯᠠᠩ ᠬᠥᠳᠡᠭᠡ ᠲᠤᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠲᠦᠷᠢᠮ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠨ ᠰᠤᠷᠤᠯᠴᠠᠪᠠ︔ ᠡᠯ᠎ᠡ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠶᠡᠭᠡ ᠪᠠᠶᠢᠴᠠᠭᠠᠯᠳᠠ︾ ᠶᠢ ᠥᠷᠨᠢᠭᠦᠯᠦᠭᠰᠡᠨ ᠪᠠᠶᠢᠳᠠᠯ ᠪᠠ ᠮᠠᠨ ᠤ ᠬᠤᠲᠠ ᠶᠢᠨ ᠲᠣᠰᠬᠤᠨ ᠢ ᠨᠡᠶᠢᠯᠡᠭᠦᠯᠦᠨ ᠬᠠᠮᠲᠤ ᠪᠠᠷ ᠣᠷᠣᠰᠢᠨ ᠰᠠᠭᠤᠯᠭᠠᠬᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠦᠬᠠᠶ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠬᠦ ᠬᠢᠨᠠᠨ ᠰᠢᠯᠭᠠᠬᠤ ᠨᠠᠷᠢᠨ ᠲᠦᠷᠢᠮ ︵ᠬᠢᠨᠠᠨ ᠵᠥᠪᠯᠡᠬᠦ ᠨᠣᠤᠷᠠᠭ︶︾ ︽ᠦᠬᠠᠶ ᠬᠤᠲᠠ ᠶᠢᠨ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠰᠢᠯᠭᠠᠨ ᠠᠪᠬᠤ ᠠᠷᠭ᠎ᠠ ︵ᠬᠢᠨᠠᠨ ᠵᠥᠪᠯᠡᠬᠦ ᠨᠣᠤᠷᠠᠭ︶︾ ᠶᠢ ᠰᠤᠳᠤᠯᠤᠨ ᠬᠢᠨᠠᠨ ᠵᠥᠪᠯᠡᠪᠡ᠃      ᠴᠢ ᠹᠸᠢ ᠶᠦᠨ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠵᠦ᠂ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠠᠷᠢᠨ ᠬᠢᠨᠠᠮᠠᠭᠠᠶ ᠬᠠᠷᠢᠴᠠᠭᠤᠯᠵᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠦᠨᠡᠨᠬᠦ ᠴᠢᠬᠤᠯᠠᠴᠢᠯᠠᠵᠤ᠂ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠣᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠬᠦ ᠶᠢ ᠴᠢᠬᠤᠯᠠᠴᠢᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠶᠢ ᠬᠡᠷᠡᠭᠵᠢᠬᠦᠯᠬᠦ ᠶᠢ ᠴᠢᠬᠤᠯᠠᠴᠢᠯᠠᠵᠤ᠂ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠨᠢᠭᠡᠳᠦᠯᠳᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠵᠤ᠂ ᠲᠡᠷᠡ ᠶᠣᠰᠣᠭᠠᠷ ᠨᠢ ᠲᠣᠰᠬᠤᠨ ᠢ ᠨᠡᠶᠢᠯᠡᠬᠦᠯᠦᠨ  ᠬᠠᠮᠲᠤ  ᠪᠠᠷ ᠣᠷᠣᠰᠢᠨ ᠰᠠᠭᠤᠯᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ᠂ ᠠᠮᠢᠳᠤᠷᠠᠯ ᠤᠨ ᠬᠤᠭ ᠨᠣᠪᠰᠢ᠂ ᠲᠣᠰᠬᠤᠨ ᠤ ᠳᠦᠷᠰᠦ ᠪᠠᠶᠢᠳᠠᠯ ᠤᠨ ᠲᠠᠯ᠎ᠠ ᠪᠠᠷ ᠳᠠᠬᠢᠨ ᠬᠦᠴᠦᠯᠡᠬᠦ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠷᠠᠯᠲᠠ ᠡᠭᠦᠷᠭᠡ ᠶᠢᠨ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠳᠡᠢ᠃ ᠲᠠᠷᠢᠶᠠᠯᠠᠬᠤ ᠣᠷᠣᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号