︽ᠡᠷᠡᠭᠦᠯ ᠡᠩᠬᠡ ᠦᠬᠠᠶ ︵2020 — 2030︶︾ ᠶᠢᠨ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2020/10/13
     ᠡᠷᠡᠭᠦᠯ ᠡᠩᠬᠡ ᠦᠬᠠᠶ ᠶᠢᠨ ᠠᠵᠢᠯᠯᠠᠭ᠎ᠠ ᠶᠢ ᠥᠨᠳᠥᠷ ᠪᠦᠲᠦᠮᠵᠢᠲᠡᠶ ᠠᠬᠢᠭᠤᠯᠵᠤ᠂ ᠬᠤᠲᠠ ᠶᠢᠨ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ᠂ 10 ᠰᠠᠷ᠎ᠠ ᠶᠢᠨ 10 ᠤ ᠡᠳᠦᠷ᠂ ︽ᠡᠷᠡᠭᠦᠯ ᠡᠩᠬᠡ ᠦᠬᠠᠶ ︵2020 — 2030︶︾ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠵᠢᠴᠢ ᠬᠡᠰᠡᠭ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠡᠭᠡᠷ᠎ᠡ ᠬᠠᠭᠠᠰ ᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠡᠶᠢᠲᠡᠯᠢᠭ ᠶᠠᠷᠢᠶ᠎ᠠ ᠲᠠᠯᠪᠢᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠰᠡᠳᠭᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ︵2020 — 2030︶ ᠶᠢᠨ ᠬᠡᠷᠡᠭᠵᠢᠭᠦᠯᠬᠦ ᠲᠥᠰᠦᠯ ᠳᠤ ᠲᠠᠶᠢᠯᠤᠮᠵᠢ ᠬᠢᠵᠦ᠂ ᠬᠠᠷᠠᠯᠲᠠ ᠱᠠᠭᠠᠷᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠪᠠᠨ ᠨᠠᠷᠢᠯᠢᠭᠵᠢᠭᠤᠯᠤᠨ ᠬᠤᠪᠢᠷᠠᠭᠤᠯᠵᠤ᠂ ᠡᠷᠡᠭᠦᠯ ᠡᠩᠬᠡ ᠦᠬᠠᠶ ᠶᠢᠨ ᠠᠵᠢᠯᠯᠠᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃      ᠬᠡᠷᠡᠭᠵᠢᠭᠦᠯᠬᠦ ᠲᠥᠰᠦᠯ ᠶᠣᠰᠣᠭᠠᠷ᠂ 2022 ᠣᠨ ᠪᠣᠯᠬᠤ ᠳᠤ᠂ ᠮᠠᠨ ᠤ ᠬᠤᠲᠠ ᠠᠵᠤ ᠠᠬᠤᠶ ᠨᠡᠶᠢᠭᠡᠮ ᠤᠨ ᠡᠯ᠎ᠡ ᠬᠤᠯᠪᠤᠭᠳᠠᠯ ᠪᠥᠬᠦᠶ ᠬᠦᠷᠢᠶ᠎ᠡ ᠶᠢ ᠬᠠᠮᠤᠷᠤᠭᠰᠠᠨ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ︔ 2030 ᠣᠨ ᠪᠣᠯᠬᠤ ᠳᠤ᠂ ᠰᠠᠭᠤᠭᠠᠯᠢ ᠠᠷᠠᠳ ᠤᠨ ᠰᠡᠳᠬᠢᠴᠡ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 40% ᠬᠦᠷᠲᠡᠯ᠎ᠡ ᠳᠡᠭᠡᠭᠰᠢᠯᠡᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠦᠨᠳᠦᠰᠦᠨ ᠳᠡᠭᠡᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠦᠢᠴᠡᠳᠭᠡᠯ ᠲᠤᠭ᠎ᠠ ᠶᠢᠨ ᠬᠢᠷᠢ ᠲᠦᠪᠰᠢᠨ ᠢ ᠥᠨᠳᠥᠷ ᠣᠷᠣᠯᠭ᠎ᠠ ᠲᠠᠢ ᠤᠯᠤᠰ  ᠤᠨ ᠡᠩᠨᠡᠭᠡᠨ ᠳᠤ ᠣᠷᠣᠭᠤᠯᠵᠣ᠂ ︽ᠡᠷᠡᠭᠦᠯ ᠡᠩᠬᠡ ᠥᠪᠥᠷ ᠮᠣᠩᠭᠤᠯ 2030︾ ᠬᠤᠯᠪᠣᠭᠳᠠᠯ ᠪᠥᠬᠦᠶ ᠬᠠᠷᠠᠯᠲᠠ ᠶᠢ ᠪᠡᠶᠡᠯᠡᠭᠦᠯᠦᠨ᠎ᠡ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号