ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ︽ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠵᠤ  ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠬᠦᠨᠵᠡᠭᠡᠶᠢᠷᠡᠬᠦᠯᠬᠦ︾ ᠲᠤᠰᠬᠠᠶ  ᠰᠡᠳᠦᠪᠲᠤ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2020/10/13
     ᠪᠠᠶᠢᠭᠤᠯᠭ᠎ᠠ ᠶᠢᠨ ᠤᠯᠤᠰ ᠲᠥᠷᠥ ᠶᠢᠨ ᠠᠮᠢ ᠠᠬᠤᠶ ᠶᠢ ᠤᠯᠠᠮ ᠨᠢᠭᠡ ᠠᠯᠬᠤᠮ ᠴᠡᠪᠡᠷᠰᠢᠭᠦᠯᠵᠤ᠂ ︽ᠳᠥᠷᠪᠡᠨ ᠨᠣᠶᠠᠨ︾ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠂ ᠪᠠᠶᠢᠭᠤᠯᠭ᠎ᠠ ᠶᠢᠨ ᠠᠵᠢᠯ ᠤᠨ ᠰᠤᠷᠲᠠᠯ ᠢ ᠦᠨᠡᠨᠬᠦ ᠬᠤᠪᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠭᠢᠭᠤᠯᠬᠤ ᠶᠢᠨ ᠲᠦᠯᠦᠭᠡ᠂ 10 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ︽ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠵᠤ   ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠬᠦᠨᠵᠡᠭᠡᠶᠢᠷᠡᠬᠦᠯᠬᠦ︾ ᠲᠤᠰᠬᠠᠢ ᠰᠡᠳᠦᠪᠲᠦ ᠲᠠᠶᠢᠯᠤᠮᠵᠢ ᠶᠢ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ  ᠤᠨ ᠬᠤᠷᠢᠶᠠᠨ ᠤ ᠱᠦᠵᠢ ᠰᠣ᠋ ᠵᠥᠩ ᠱᠧᠩ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃      ᠲᠤᠰ ᠣᠳᠠᠭᠠᠨ ᠤ ᠲᠠᠶᠢᠯᠤᠮᠵᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠤᠷᠢᠶᠠᠨ ᠤ ᠱᠦᠵᠢ ᠹᠠᠩ ᠶᠢᠩ ᠢ ᠤᠷᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠪᠠᠷ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠣᠶᠢᠯᠠᠭᠠᠬᠤ ᠲᠤᠬᠠᠢ ᠲᠠᠶᠢᠯᠣᠮᠵᠢ ᠬᠢᠯᠭᠡᠪᠡ᠃      ᠹᠠᠩ ᠶᠢᠩ ᠪᠣᠯ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠤᠨ ᠲᠦᠷᠦᠭᠦᠤ ᠪᠦᠯᠦᠭ ᠤᠨ ᠰᠠᠬᠢᠯᠭ᠎ᠠ ᠪᠠᠲᠤ ᠬᠡᠷᠡᠭᠵᠢᠭᠦᠯᠬᠦ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠤᠮᠳᠠᠳᠤ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠡᠭᠡᠳᠦ ᠰᠤᠷᠭᠠᠭᠤᠯᠢ ᠶᠢᠨ ᠪᠠᠭᠰᠢ ᠶᠢᠨ ᠬᠥᠮᠥᠷᠭᠡ ᠶᠢᠨ ᠪᠦᠷᠢᠯᠳᠦᠬᠦᠨ ᠮᠥᠨ᠃ 1988 ᠣᠨ ᠠᠴᠠ ᠨᠠᠰᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ᠂ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠳᠤ ᠬᠡᠷᠡᠭ ᠢ ᠬᠢᠨᠠᠨ ᠪᠠᠶᠢᠴᠠᠭᠠᠬᠤ᠂ ᠬᠡᠷᠡᠭ ᠢ ᠰᠢᠭᠦᠨ ᠰᠢᠢᠳᠪᠦᠷᠢᠯᠡᠬᠦ ᠵᠡᠷᠭᠡ ᠠᠵᠢᠯ ᠢ ᠤᠷᠲᠤ ᠬᠤᠭᠤᠴᠠᠭ᠎ᠠ ᠬᠢᠵᠦ᠂ ᠡᠯᠪᠡᠭ ᠪᠠᠶᠠᠯᠢᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠤᠨᠤᠯ ᠪᠠ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ︽ᠳᠤᠮᠳᠠᠳᠤ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠣᠨᠢᠨ︾ ︽ᠦᠢᠯᠡᠳᠦᠯᠭᠡ︾ ᠰᠡᠳᠬᠦᠯ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠤᠳᠤᠯᠤᠯ︾ ᠰᠡᠳᠬᠦᠯ ᠵᠡᠷᠭᠡ ᠰᠣᠨᠢᠨ ᠰᠡᠳᠬᠦᠯ ᠳᠡᠭᠡᠷ᠎ᠡ ᠤᠯᠠᠨ ᠤᠨᠤᠯ ᠤᠨ ᠵᠣᠬᠢᠶᠠᠯ ᠨᠡᠶᠢᠲᠡᠯᠡᠭᠰᠡᠨ ᠪᠠᠶᠢᠨ᠎ᠠ᠃      ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠪᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠪᠥᠬᠦ ᠺᠠᠳ᠋ᠷ ᠠᠵᠢᠯᠲᠠᠨ 600 ᠭᠠᠷᠤᠶ ᠬᠥᠮᠦᠨ ᠲᠠᠶᠢᠯᠤᠮᠵᠢ ᠶᠢ ᠰᠣᠨᠣᠰᠴᠠᠶ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号