ᠬᠠᠶᠢᠨᠠᠨ ᠲᠣᠭᠤᠷᠢᠭ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠠᠬᠢᠭᠤᠯᠪᠠ
ᠨᠡᠶᠢᠲᠡᠯᠡᠭᠰᠡᠨ ᠴᠠᠭ᠄
2020/10/16
     ᠬᠠᠶᠢᠨᠠᠨ ᠲᠣᠭᠤᠷᠢᠭ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠶᠢ ᠭᠦᠨᠵᠡᠭᠡᠶ ᠥᠷᠨᠢᠭᠦᠯᠵᠦ᠂ ᠬᠠᠮᠢᠶ᠎ᠠ ᠪᠥᠬᠦᠢ ᠵᠠᠭᠤᠴᠢᠯᠠᠭᠤᠷ ᠢᠶᠠᠷ ᠳᠠᠮᠵᠢᠭᠤᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ᠂ ᠣᠬᠤᠷ ᠮᠡᠳᠡᠭᠡ 3.4 ᠲᠦᠮᠡ ᠭᠠᠷᠤᠶ ᠬᠤᠪᠢ ᠳᠠᠮᠵᠢᠭᠤᠯᠵᠤ᠂ 4 ᠲᠦᠮᠡ ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 85 ᠲᠠᠯᠠᠪᠤᠷ ᠲᠠᠶᠢᠯᠤᠮᠵᠢ ᠬᠢᠵᠦ᠂ 6000 ᠭᠠᠷᠤᠶ ᠬᠥᠮᠦᠨ ᠢ ᠬᠠᠮᠤᠷᠴᠤ᠂ ︽ᠭᠤᠷᠪᠠ ᠶᠢ ᠪᠠ‌ᠮᠡᠳᠡᠭᠦᠯᠵᠦ᠂ ᠭᠤᠷᠪᠠ ᠶᠢ ᠮᠡᠳᠡᠭᠦᠯᠬᠦ ᠥᠬᠡᠶ︾ ᠶᠢ ᠮᠡᠳᠡᠬᠦ ᠨᠣᠷᠮ᠎ᠠ 95% ᠠᠴᠠ ᠳᠡᠭᠡᠭᠰᠢ ᠳᠤ ᠬᠦᠷᠭᠡᠪᠡ᠃ ᠰᠠᠷ᠎ᠠ ᠪᠦᠷᠢ ᠠᠳᠠᠭ ᠲᠠᠭᠠᠨ 2 ᠤᠳᠠᠭ᠎ᠠ ᠬᠤᠯᠤᠭᠠᠨ᠎ᠠ ᠶᠢᠨ ᠬᠢᠵᠢᠭ ᠢ ᠪᠠᠶᠢᠴᠠᠭᠠᠵᠤ ᠬᠢᠨᠠᠨ ᠬᠡᠮᠵᠢᠬᠦ ᠠᠵᠢᠯ ᠢ ᠥᠷᠨᠢᠭᠦᠯᠵᠦ᠂  ᠬᠢᠨᠠᠨ ᠪᠠᠶᠢᠴᠠᠭᠠᠭᠰᠠᠨ ᠬᠡᠪᠴᠢᠶ᠎ᠡ ᠨᠢ 1110 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠤᠷᠲᠤ ᠰᠠᠪᠠᠷ ᠲᠠᠢ ᠡᠯᠡᠰᠦᠨ ᠬᠤᠯᠤᠭᠠᠨ᠎ᠠ᠂ ᠲᠠᠪᠤᠨ ᠬᠤᠷᠤᠭᠤ ᠲᠠᠢ ᠮᠣᠳᠣᠨ ᠬᠤᠯᠤᠭᠠᠨ᠎ᠠ ᠵᠡᠷᠭᠡ ᠡᠯ᠎ᠡ ᠲᠥᠷᠥᠯ ᠤᠨ ᠬᠤᠯᠤᠭᠠᠨ᠎ᠠ 88 ᠶᠢ ᠪᠠᠷᠢᠵᠤ᠂  ᠪᠠᠶᠢᠴᠠᠭᠠᠯᠲᠠ ᠶᠢᠨ ᠦᠷ᠎ᠡ ᠳ᠋ᠦᠩ ᠨᠢ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠦᠭᠡᠢ᠃ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠩ ᠤᠨ ᠡᠪᠡᠳᠴᠢᠨ ᠤ ᠣᠷᠣᠨ ᠢ ᠪᠢᠲᠡᠭᠦᠮᠵᠢᠯᠡᠨ ᠥᠭᠡᠷᠡᠴᠢᠯᠡᠵᠦ᠂ 7 ᠲᠠᠰᠤᠯᠭ᠎ᠠ ᠲᠤᠰᠠᠭᠠᠷᠯᠠᠬᠤ ᠡᠪᠡᠳᠴᠢᠲᠡᠨ ᠤ ᠥᠷᠥᠭᠡ ᠭᠠᠷᠭᠠᠵᠤ᠂ ᠤᠷᠢᠳᠴᠢᠯᠠᠨ ᠪᠠᠶᠢᠴᠠᠭᠠᠵᠣ ᠬᠤᠪᠢᠶᠠᠨ ᠣᠨᠣᠰᠢᠯᠠᠭᠰᠠᠨ ᠨᠢ 47 ᠲᠦᠮᠡᠨ ᠬᠥᠮᠦᠨ᠂ ᠬᠠᠯᠠᠭᠤᠷᠠᠯ ᠤᠨ ᠢᠯᠡᠷᠡᠯ ᠲᠠᠢ 1213 ᠬᠥᠮᠦᠨ ᠢ ᠵᠢᠭᠰᠠᠭᠠᠨ ᠪᠠᠶᠢᠴᠠᠭᠠᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号