ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠦᠷᠭᠡᠳᠭᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/16
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠦᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠤᠯᠪᠤᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠪᠡᠭᠡᠵᠢᠩ ᠤᠨ ᠳᠡᠯᠡᠬᠡᠢ ᠶᠢᠨ ᠡᠮᠡᠭᠲᠡᠶᠢᠴᠦᠳ ᠤᠨ ᠶᠡᠭᠡ ᠬᠤᠷᠠᠯ ᠤᠨ 25 ᠵᠢᠯ ᠤᠨ ᠤᠢ ᠶᠢ ᠳᠤᠷᠠᠰᠬᠠᠬᠤ ᠳᠡᠭᠡᠳᠦ ᠳᠡᠰ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠤ᠂ ᠡᠮᠡᠭᠲᠡᠶᠢᠴᠦᠳ ᠤᠨ ᠠᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠬᠦᠴᠦᠯᠡᠨ ᠠᠬᠢᠭᠤᠯᠵᠤ᠂ ᠪᠦᠬᠦ ᠬᠤᠲᠠ ᠶᠢᠨ ᠡᠮᠡᠭᠳᠡᠶᠢᠴᠤᠳ ᠤᠨ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃ ᠪᠦᠬᠦ ᠬᠤᠲᠠ ᠶᠢᠨ ᠠᠵᠢᠯ ᠤᠨ ᠲᠥᠪ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠡᠮᠡᠭᠲᠡᠶ ᠺᠠᠳ᠋ᠷ ᠤᠨ ᠡᠩᠨᠡᠭᠡ ᠪᠠ ᠡᠯ᠎ᠡ ᠲᠥᠷᠥᠯ ᠤᠨ ᠡᠮᠡᠭᠲᠡᠶ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠡᠯ᠎ᠡ ᠦᠨᠳᠦᠰᠦᠲᠡᠨ ᠤ ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠬᠦᠬᠦ ᠬᠡᠷᠡᠭᠳᠡᠢ ᠃ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ ᠂ ᠡᠮᠡᠭᠲᠡᠶᠢᠴᠦᠳ ᠤᠨ ᠠᠵᠢᠯ ᠤᠨ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠪᠠᠲᠤᠯᠠᠵᠤ᠂ ᠪᠦᠬᠦ ᠨᠡᠶᠢᠭᠡᠮ ᠢᠶᠠᠷ ᠢᠶᠠᠨ ᠡᠮᠡᠭᠲᠡᠶᠢᠴᠦᠳ ᠤᠨ ᠪᠠᠶᠢᠷᠢ ᠰᠠᠭᠤᠷᠢ ᠶᠢ ᠬᠦᠨᠳᠦᠳᠬᠡᠬᠦ᠂ ᠡᠮᠡᠭᠲᠡᠶᠢᠴᠦᠳ ᠤᠨ ᠠᠵᠢᠯ ᠦᠢᠯᠡᠰ ᠢ ᠬᠠᠯᠠᠮᠵᠢᠯᠠᠬᠤ᠂ ᠡᠮᠡᠭᠲᠡᠶᠢᠴᠦᠳ ᠤᠨ ᠠᠵᠢᠯ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠵᠢᠯ ᠳᠠᠬᠢ ᠨᠠᠮ ᠤᠨ ᠣᠲᠣᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠢ ᠨᠠᠮ ᠤᠨ ᠲᠣᠭᠤᠷᠢᠨ ᠳᠤ ᠪᠦᠯᠬᠦᠮᠳᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠤᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠬᠤ ᠬᠡᠷᠡᠭᠳᠡᠢ᠃ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠵᠥᠪᠳᠡᠯᠴᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠰᠡᠳᠬᠢᠯ ᠲᠠᠯᠪᠢᠵᠤ ᠬᠠᠶᠢᠷ᠎ᠠ ᠰᠡᠳᠭᠢᠯᠬᠡ ᠪᠠᠷ ᠢᠶᠠᠨ ᠬᠦᠴᠦᠯᠡᠨ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠠᠵᠢᠯ ᠤᠨ ᠲᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽︿ᠨᠡᠶᠢᠭᠡᠮ ᠵᠢᠷᠤᠮ ᠤᠨ ᠳᠡᠭᠡᠳᠦ ᠲᠡᠭᠡᠲᠤ ᠰᠣᠷᠭᠠᠭᠤᠯᠢ ᠶᠢᠨ ᠠᠵᠢᠯ ᠤᠨ ᠲᠦᠷᠢᠮ﹀ ᠢ ᠲᠤᠤᠱᠯᠠᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠳᠦᠷᠢᠮᠵᠢᠭᠰᠡᠨ ᠪᠠᠶᠢᠭᠤᠯᠤᠯᠲᠠ ᠪᠣᠯᠤᠨ ᠣᠨᠴᠠᠯᠢᠭᠲᠤ ᠰᠢᠨᠵᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮᠲᠤ ᠳᠡᠭᠡᠳᠦ ᠰᠤᠷᠭᠠᠭᠤᠯᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠨᠠᠮ ᠤᠨ ᠭᠠᠳᠠᠨᠠᠬᠢ ᠨᠡᠩ ᠤᠯᠠᠨ ᠬᠥᠮᠦᠰ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠳᠡᠢ ᠬᠡᠵᠡᠢ᠃      ᠬᠤᠷᠠᠯ ᠠᠴᠠ ᠪᠥᠬᠦ ᠬᠤᠲᠠ ᠶᠢᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠤᠭᠢᠯᠳᠠ ᠥᠭᠬᠦ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯᠳᠠᠯᠭ᠎ᠠ ᠪᠠᠨ ᠳᠣᠪᠤᠶᠢᠯᠭᠠᠨ᠂ ᠰᠠᠭᠤᠷᠢ ᠪᠠᠨ ᠪᠠᠬᠢᠵᠢᠭᠦᠯᠵᠦ᠂ ᠬᠠᠷᠢᠭᠤᠴᠠᠯᠭ᠎ᠠ ᠪᠠᠨ ᠦᠷᠭᠦᠯᠵᠢᠯᠡᠨ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠱᠠᠯᠢᠭ ᠵᠠᠪᠬᠠᠶ ᠵᠦᠢᠯ ᠳᠤ ᠬᠤᠯᠪᠣᠭᠳᠠᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠤᠬᠢᠯᠳᠠ ᠥᠭᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠰᠣᠶᠣᠯ ᠤᠨ ᠵᠠᠬ᠎ᠠ ᠳᠡᠯᠭᠡᠭᠦᠷ ᠪᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠲᠤᠭᠳᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠦ ᠱᠠᠭᠠᠷᠳᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号