| ︵2020 ᠣᠨ ᠤ 10 ᠰᠠᠷ᠎ᠠ ᠶᠢᠨ 17 ᠤ ᠡᠳᠦᠷ︶ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ | ᠱᠢ ᠸᠠᠨ ᠵᠢᠶᠦ᠋ᠨ | ᠶᠠᠳᠠᠭᠤ ᠬᠦᠴᠢᠷᠳᠡᠯ ᠢ ᠠᠷᠢᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠮᠲᠤᠪᠠᠷ | ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠤᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ | ᠂ ᠮᠠᠨ ᠤ ᠨᠠᠮ ᠤᠨ ᠴᠢᠬᠤᠯᠠ ᠡᠭᠦᠷᠭᠡ ᠮᠥᠨ᠃ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ | ᠨᠠᠮ ᠤᠨ ᠲᠥᠪ ᠬᠤᠷᠢᠶ᠎ᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠠᠴᠠ ᠡᠭᠦᠰᠴᠦ᠂ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ︽ᠲᠠᠪᠤ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶ | ᠪᠠᠶᠢᠷᠢᠰᠢᠭᠤᠯᠤᠯᠲᠠ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ | ᠣᠷᠣᠭᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠬᠢᠵᠠᠭᠠᠷ ᠱᠤᠭᠤᠮ ᠤᠨ | ᠡᠭᠦᠷᠭᠡ ᠪᠤᠯᠭᠠᠵᠤ᠂ ᠠᠯᠢ ᠣᠯᠠᠨ ᠴᠢᠬᠤᠯᠠ ᠶᠡᠭᠡ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠵᠦ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠶ | ᠱᠦᠵᠢ ᠰᠢ ᠶᠢᠨ ᠫᠢᠩ ᠪᠡᠶ᠎ᠡ ᠪᠠᠷ ᠢᠶᠠᠨ ᠮᠠᠩᠯᠠᠶᠢᠯᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠤᠳᠤᠷᠢᠳᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠠᠮᠵᠢᠯᠲᠠ | ᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠵᠠᠮ ᠢ ᠨᠡᠭᠡᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠭᠠᠷᠮᠠᠭᠠᠢ | ᠦᠷ᠎ᠡ ᠪᠦᠲᠦᠮᠵᠢᠲᠡᠢ ᠳᠤᠮᠳᠠᠳᠤ ᠣᠯᠣᠰ ᠤᠨ ᠲᠤᠷᠰᠢᠯᠭ᠎ᠠ ᠪᠣᠯᠤᠨ ᠳᠤᠮᠳᠠᠳᠤ ᠤᠯᠤᠰ ᠤᠨ ᠲᠥᠰᠦᠯ ᠢ | ᠪᠦᠷᠢᠯᠳᠦᠭᠦᠯᠵᠦ᠂ ᠬᠥᠮᠦᠨ ᠲᠥᠷᠥᠯᠬᠢᠲᠡᠨ ᠤ ᠶᠠᠳᠠᠭᠤ ᠶᠢ ᠪᠠᠭᠠᠰᠬᠠᠬᠤ ᠲᠡᠦᠬᠡᠨ ᠳᠠᠬᠢ ᠳᠤᠮᠳᠠᠳᠤ ᠤᠯᠤᠰ ᠤᠨ | ᠭᠠᠶᠢᠬᠠᠮᠰᠢᠭ ᠢ ᠡᠭᠦᠳᠴᠡᠢ᠃ ᠣᠶᠢᠷ᠎ᠠ ᠶᠢᠨ ᠵᠢᠯ ᠳᠤ᠂ ᠮᠠᠨ ᠤ ᠬᠤᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ | ᠢᠨᠵᠧᠨᠧᠷᠢᠩ ᠪᠣᠯᠭᠠᠨ ᠠᠳᠬᠤᠬᠤ ᠶᠢ ᠪᠠᠷᠢᠮᠲᠠᠯᠠᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠬᠦᠯᠬᠦ ᠶᠢ ᠪᠠᠷᠢᠮᠲᠠᠯᠠᠵᠤ᠂ ᠪᠦᠬᠦ ᠬᠤᠲᠠ ᠲᠠᠶᠠᠭᠠᠷ ᠢᠶᠠᠨ ᠨᠢᠭᠡ | ᠤᠳᠠᠭᠠᠨ ᠤ ᠲᠡᠦᠬᠡᠨ ᠳᠤ ᠭᠠᠷᠤᠭ᠎ᠠ ᠦᠭᠡᠢ ᠶᠠᠳᠠᠭᠤ ᠠᠴᠠ ᠠᠩᠬᠢᠵᠢᠷᠠᠭᠤᠯᠬᠤ ᠶᠡᠭᠡ ᠪᠠᠶᠢᠯᠳᠤᠭᠠᠨ ᠢ ᠥᠩᠭᠡᠷᠡᠭᠡᠵᠦ᠂ | ᠨᠢᠭᠡ ᠤᠳᠠᠭᠠᠨ ᠤ ᠰᠢᠷᠭᠠᠭᠤ ᠬᠠᠲᠠᠭᠤᠵᠢᠯᠲᠠᠢ ᠲᠡᠦᠬᠡ ᠶᠢᠨ ᠶᠡᠭᠡ ᠰᠢᠯᠭᠠᠯᠲᠠ ᠶᠢ ᠥᠩᠭᠡᠷᠡᠭᠡᠵᠤ᠂ ᠬᠥᠮᠦᠨ ᠢ | ᠪᠠᠶᠠᠷᠯᠠᠭᠤᠯᠤᠮ᠎ᠠ ᠡᠷᠬᠢᠮ ᠨᠠᠨᠳᠢᠨ ᠠᠮᠵᠢᠯᠲᠠ ᠪᠦᠲᠦᠮᠵᠢ ᠣᠯᠵᠤ᠂ ᠪᠦᠬᠦ ᠬᠤᠲᠠ ᠶᠢᠨ 1281 ᠡᠷᠦᠬᠡ ᠶᠢᠨ | 2890 ᠨᠡᠷ᠎ᠡ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠥᠮᠦᠨ ᠠᠮᠠ ᠶᠢ ᠤᠷᠢᠳᠴᠢᠯᠠᠨ ᠶᠠᠳᠠᠭᠤ ᠠᠴᠠ | ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠡᠩ ᠲᠡᠷᠢᠭᠦᠨ ᠳᠤ | ᠪᠠᠬᠢᠵᠢᠭᠦᠯᠦᠨ ᠳᠡᠭᠡᠭᠰᠢᠯᠡᠭᠦᠯᠬᠦ ᠱᠠᠲᠤᠨ ᠳᠤ ᠣᠷᠣᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ | ᠡᠷᠬᠡᠪᠰᠢ ᠵᠥᠪ ᠴᠢᠭᠯᠡᠯ ᠢ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠬᠤ ᠬᠡᠷᠡᠭᠲᠡᠢ᠃ | ᠬᠠᠷᠠᠯᠲᠠ ᠪᠠᠨ ᠬᠤᠪᠢᠷᠠᠭᠤᠯᠬᠤ ᠦᠭᠡᠢ᠂ ᠬᠠᠷᠠᠯᠲᠠ ᠶᠢᠨ ᠴᠢᠭ ᠢᠶᠠᠨ ᠰᠢᠯᠵᠢᠬᠦᠯᠬᠦ ᠦᠭᠡᠶ ᠪᠠᠶᠢᠬᠤ ᠶᠢ ᠪᠠᠲᠤᠯᠠᠬᠤ ᠪᠤᠯ | ᠶᠠᠳᠠᠬᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠦᠨᠳᠦᠰᠦᠨ | ᠤᠷᠢᠲᠠᠯ ᠮᠥᠨ᠃ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠪᠤᠶᠢᠮ᠎ᠠ | ᠪᠠᠶᠢᠷᠢᠨ ᠳᠤ ᠲᠠᠯᠪᠢᠵᠤ᠂ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠶᠢ ᠳᠤᠷᠠᠳᠴᠤ᠂ ᠠᠯᠢ ᠤᠯᠠᠨ | ᠰᠢᠨ᠎ᠡ ᠰᠢᠢᠳᠪᠦᠷᠢᠲᠦ ᠪᠤᠲᠤᠯᠭ᠎ᠠ ᠰᠢᠨ᠎ᠡ ᠪᠠᠶᠢᠷᠢᠯᠠᠭᠤᠯᠤᠯᠲᠠ ᠬᠢᠵᠦ᠂ ᠪᠢᠳᠡᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠲᠠᠶᠢᠯᠠᠯᠳᠣᠭᠠᠨ ᠤ ᠢᠯᠠᠯᠲᠠ ᠶᠢ ᠤᠯᠬᠤ ᠳᠤ ᠠᠵᠢᠯᠯᠠᠭᠠᠨ ᠤ ᠵᠦᠭᠯᠡᠭᠦᠷ ᠬᠠᠩᠭᠠᠪᠠ᠃ | ᠣᠶᠢᠷ᠎ᠠ ᠶᠢᠨ ᠵᠢᠯ ᠳᠤ᠂ ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ | ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠣᠷᠠᠯᠳᠠ ᠦᠭᠡᠢ | ᠴᠢᠩᠭᠠᠳᠬᠠᠵᠤ᠂ ᠢᠮᠠᠭᠲᠠ ᠵᠥᠪ ᠴᠢᠭᠯᠡᠯ ᠢᠶᠠᠷ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠱᠦᠵᠢ ᠶᠢᠨ ᠲᠤᠰᠬᠠᠶ ᠰᠡᠳᠦᠪᠲᠦ ᠬᠤᠷᠠᠯ᠂ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠨᠡᠶᠢᠲᠡ 114 ᠤᠳᠠᠭ᠎ᠠ | ᠬᠤᠷᠠᠯᠳᠤᠭᠤᠯᠵᠤ᠂ ᠡᠯ᠎ᠡ ᠲᠦᠷᠦᠯ ᠤᠨ ᠲᠥᠰᠦᠯ ᠤᠨ ᠳᠦᠷᠢᠮ ᠢ 40 ᠭᠠᠷᠤᠶ ᠵᠦᠢᠯ ᠢ ᠰᠤᠳᠤᠯᠤᠨ ᠲᠣᠭᠲᠠᠭᠠᠵᠤ᠂ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠪᠡ᠃ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠬᠤ ᠶᠢ ᠴᠢᠬᠤᠯᠠᠴᠢᠯᠠᠵᠤ᠂ ᠲᠠᠪᠤᠨ ᠱᠠᠲᠤᠨ ᠤ | ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠳᠬᠤᠬᠤ ᠠᠵᠢᠯ ᠤᠨ ᠲᠤᠭᠲᠠᠴᠠ ᠶᠢ | ᠪᠠᠶᠢᠭᠤᠯᠤᠨ ᠨᠠᠶᠢᠳᠠᠪᠣᠷᠢᠵᠢᠭᠤᠯᠵᠤ᠂ ᠭᠤᠷᠪᠠᠨ ᠲᠣᠭᠤᠷᠢᠭ ᠲᠤ ᠲᠤᠭᠤᠷᠢᠭ ᠲᠤ ᠰᠠᠭᠤᠬᠤ ᠠᠵᠢᠯ ᠤᠨ ᠶᠡᠷᠦᠩᠬᠡᠶ | ᠠᠩᠭᠢ ᠲᠣᠮᠢᠯᠠᠨ ᠰᠠᠭᠤᠯᠭᠠᠵᠤ᠂ 17 ᠲᠤᠰᠬᠠᠶ ᠲᠥᠷᠥᠯ ᠤᠨ ᠠᠬᠢᠭᠤᠯᠬᠤ ᠳᠤᠭᠤᠶᠢᠯᠠᠩ᠂ ᠲᠣᠰᠬᠤᠨ ᠳᠤ ᠰᠠᠭᠤᠭ᠎ᠠ | 19 ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ᠂ 572 ᠶᠠᠳᠠᠭᠤ ᠶᠢ ᠲᠡᠳᠬᠦᠬᠦ ᠪᠠ ᠬᠠᠪᠰᠤᠷᠤᠨ ᠲᠡᠳᠬᠦᠬᠦ ᠺᠠᠳ᠋ᠷ | ᠪᠠᠭᠠᠲᠤᠷᠯᠢᠭ ᠢᠶᠠᠷ ᠲᠡᠮᠡᠴᠡᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠳᠠᠭᠠᠭᠤᠯᠤᠨ ᠬᠦᠴᠢᠷ ᠠᠰᠠᠭᠤᠳᠠᠯ ᠢ | ᠬᠠᠮᠲᠤᠪᠠᠷ ᠲᠤᠭᠤᠯᠵᠤ᠂ ᠬᠠᠮᠲᠤᠪᠠᠷ ᠴᠢᠨᠡᠭᠡᠯᠢᠭᠵᠢᠪᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2012 ᠣᠨ ᠠᠴᠠ 2019 ᠣᠨ ᠪᠣᠯᠲᠠᠯ᠎ᠠ᠂ | ᠪᠦᠬᠦ ᠬᠤᠲᠠ ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ 1.69 ᠳ᠋ᠦᠩᠰᠢᠭᠤᠷ ᠲᠥᠭᠦᠷᠢᠭ | ᠤᠷᠤᠭᠤᠯᠵᠤ᠂ 3174.96 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠪᠦᠷᠢᠯᠳᠦᠭᠦᠯᠵᠤ | ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠬᠥᠭᠵᠢᠯᠲᠡ ᠶᠢᠨ ᠠᠰᠢᠭ ᠲᠤᠰᠠ ᠶᠢ ᠬᠤᠪᠢᠶᠠᠯᠴᠠᠨ ᠡᠳ᠋ᠯᠡᠬᠦ᠂ | ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠪᠡᠶᠡᠯᠡᠭᠦᠯᠬᠦ ᠳᠤ ᠡᠳ᠋ ᠤᠨ ᠬᠦᠴᠦᠨ ᠤ ᠳᠡᠮᠵᠢᠯᠭᠡ ᠬᠠᠩᠭᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ | ᠡᠷᠬᠡᠪᠰᠢ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠤᠨᠢᠨ ᠳᠡᠭᠡᠷ᠎ᠡ ᠨᠢ ᠪᠦᠲᠦᠮᠵᠢᠲᠡᠢ ᠠᠷᠭ᠎ᠠ | ᠪᠤᠳᠤᠯᠭ᠎ᠠ ᠬᠡᠷᠡᠭᠵᠢᠭᠦᠯᠬᠦ ᠬᠡᠷᠡᠭᠲᠡᠢ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢᠨ ᠴᠢᠬᠤᠯᠠ ᠨᠢ ᠤᠨᠢᠨ | ᠳᠡᠭᠡᠷ᠎ᠡ ᠨᠢ ᠪᠤᠢ᠂ ᠭᠤᠤᠯᠳᠠᠯᠭ᠎ᠠ ᠨᠢ ᠴᠦ ᠤᠨᠢᠨ ᠳᠡᠭᠡᠷ᠎ᠡ ᠨᠢ ᠪᠤᠢ᠂ ᠢᠯᠠᠯᠲᠠ ᠤᠯᠬᠤ ᠠᠷᠭ᠎ᠠ ᠵᠠᠮ ᠨᠢ ᠴᠦ ᠮᠦᠨ | ᠤᠨᠢᠨ ᠳᠡᠭᠡᠷ᠎ᠡ ᠨᠢ ᠪᠤᠢ᠃ ᠮᠠᠨ ᠤ ᠬᠤᠲᠠ ︽ᠲᠠᠪᠤᠨ ᠨᠢᠭᠡ ᠪᠦᠯᠦᠭ︾ ︽ᠵᠢᠷᠭᠤᠭᠠᠨ ᠣᠨᠣᠪᠴᠢᠲᠠᠢ︾ ᠱᠠᠭᠠᠷᠳᠠᠯᠭ᠎ᠠ | ᠶᠣᠰᠣᠭᠠᠷ᠂ ᠶᠠᠳᠠᠭᠤ ᠬᠦᠴᠢᠷᠳᠡᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠦᠨᠵᠡᠭᠡᠶ ᠪᠠᠶᠢᠴᠠᠭᠠᠨ | ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ︽ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ | ᠶᠠᠳᠠᠭᠤ ᠠᠴᠠ ᠠᠩᠭᠢᠵᠢᠷᠠᠭᠤᠯᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠨ ᠢ ᠲᠡᠳᠬᠦᠬᠦ᠂ | ᠬᠡᠨ ᠲᠡᠳᠬᠦᠬᠦ᠂ ᠶᠠᠭᠠᠬᠢᠵᠤ ᠲᠡᠳᠬᠦᠬᠦ᠂ ᠶᠠᠭᠠᠬᠢᠵᠤ ᠶᠠᠳᠠᠭᠤ ᠠᠴᠠ ᠠᠩᠬᠢᠵᠢᠷᠠᠭᠤᠯᠬᠤ ᠵᠡᠷᠭᠡ ᠠᠰᠠᠭᠤᠳᠠᠯ ᠢ ᠦᠨᠡᠨ | ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠶᠢ | ᠴᠢᠩᠭ᠎ᠠ ᠠᠳᠬᠤᠵᠤ ᠰᠠᠭᠤᠷᠢ ᠪᠠᠨ ᠪᠠᠬᠢᠵᠢᠬᠦᠯᠬᠦ ᠬᠡᠷᠡᠭᠳᠡᠢ᠃ ᠲᠠᠷᠢᠶᠠᠯᠠᠬᠤ ᠣᠷᠣᠨ ᠤ ᠤᠰᠤᠨ ᠤ ᠴᠢᠨᠠᠷ ᠢ | ᠪᠠᠶᠢᠴᠠᠭᠠᠨ ᠬᠡᠮᠵᠢᠬᠦ ᠶᠢ ᠪᠥᠬᠦ ᠲᠠᠯ᠎ᠠ ᠪᠠᠷ ᠥᠷᠨᠢᠭᠦᠯᠵᠦ᠂ ᠤᠤᠭᠤᠬᠤ ᠤᠰᠤᠨ ᠤ ᠶᠠᠰᠤ ᠴᠢᠨᠠᠷ ᠢ ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠯᠡᠬᠦ ᠪᠠᠷᠢᠮᠵᠢᠶ᠎ᠠ ᠳᠤ | ᠬᠦᠷᠦᠭᠦᠯᠪᠡ︔ ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ ᠨᠤᠷᠠᠬᠤ ᠠᠶᠤᠯᠲᠠᠶ ᠬᠡᠷ ᠪᠠᠶᠢᠰᠢᠩ ᠢ | ᠴᠥᠮ ᠦᠭᠡᠷᠡᠴᠢᠯᠡᠵᠦ᠂ ᠰᠠᠭᠤᠬᠤ ᠠᠴᠠ ᠣᠷᠣᠨ ᠰᠠᠭᠤᠴᠠ ᠲᠠᠢ᠂ ᠰᠠᠭᠤᠷᠢᠰᠢᠬᠤ ᠠᠴᠠ ᠠᠮᠤᠷ ᠲᠦᠪᠰᠢᠨ | ᠪᠠᠶᠢᠬᠤ ᠶᠢ ᠪᠡᠶᠡᠯᠡᠭᠦᠯᠪᠡ︔ ᠶᠠᠳᠠᠭᠤ ᠬᠦᠴᠢᠷᠳᠡᠯᠲᠡᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠤᠭᠴᠢᠳ ᠢ ᠭᠤᠤᠯᠳᠠᠯᠭ᠎ᠠ ᠲᠠᠢ ᠪᠠᠷ ᠬᠢᠨᠠᠨ ᠡᠵᠡᠮᠳᠡᠵᠦ ᠲᠤᠰᠠᠯᠠᠨ ᠲᠡᠳᠬᠦᠵᠦ᠂ ᠪᠦᠬᠦ ᠬᠤᠲᠠ ᠶᠢᠨ | ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠲᠤᠯᠠᠭ᠎ᠠ ᠶᠢᠨ ᠨᠣᠷᠮ᠎ᠠ ᠶᠢ 100% ᠳᠤ ᠬᠦᠷᠭᠡᠪᠡ᠃ ︽ᠳᠥᠷᠪᠡ ᠶᠢ ᠲᠣᠭᠲᠠᠭᠠᠵᠤ ᠬᠤᠶᠠᠷ ᠢ ᠴᠢᠩᠭᠠᠳᠬᠠᠬᠤ︾ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 25 ᠵᠦᠢᠯ ᠤᠨ ᠬᠦᠨᠳᠦ ᠡᠪᠡᠳᠴᠢᠨ ᠲᠠᠢ ᠶᠠᠳᠠᠭᠤ | ᠬᠦᠴᠢᠷᠳᠡᠯᠲᠡᠶ ᠡᠪᠡᠳᠴᠢᠲᠡᠨ ᠢ ᠪᠦᠬᠦᠨ ᠢ ᠠᠪᠤᠷᠠᠨ ᠵᠠᠰᠠᠵᠤ᠂ ᠲᠦᠷᠦ ᠶᠢᠨ ᠪᠣᠳᠣᠯᠭ᠎ᠠ ᠬᠦᠷᠲᠡᠵᠦ ᠪᠠᠶᠢᠭ᠎ᠠ ᠶᠠᠳᠠᠭᠤ | ᠬᠦᠴᠢᠷᠳᠡᠯᠲᠡᠶ ᠡᠷᠦᠬᠡ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠪᠦᠬᠦ | ᠲᠣᠭᠠᠨ ᠤ ᠨᠥᠬᠦᠪᠥᠷᠢ ᠥᠭᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠷᠢᠳᠠᠪᠠᠷ ᠡᠮᠨᠡᠭᠦᠯᠵᠦ | ᠳᠠᠷᠠᠭ᠎ᠠ ᠨᠢ ᠵᠠᠷᠤᠳᠠᠯ ᠲᠤᠰᠢᠶᠠᠬᠤ᠂ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠲᠤᠰᠢᠶᠠᠬᠤ ᠦᠭᠡᠢ᠂ ᠨᠢᠭᠡ ᠯᠡ | ᠥᠷᠲᠡᠭᠡᠨ ᠤ ᠬᠡᠯᠪᠡᠷᠢ ᠪᠠᠷ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠡᠷ ᠪᠦᠯᠢ ᠶᠢᠨ ᠡᠮᠴᠢ ᠶᠢᠨ ᠤᠳᠠᠭᠠᠨ ᠴᠢᠨᠠᠷᠲᠠᠶ ᠡᠪᠡᠳᠴᠢᠨ ᠤ ᠭᠡᠷ᠎ᠡ | ᠲᠣᠭᠲᠠᠬᠤ ᠨᠣᠷᠮ᠎ᠠ᠂ ᠦᠢᠯᠡᠴᠢᠯᠡᠭᠡᠨ ᠤ ᠨᠣᠷᠮ᠎ᠠ ᠶᠢ ᠳᠤᠮᠳᠠᠴᠢ ᠪᠠᠷ 100% ᠳᠤ ᠬᠦᠷᠦᠭᠦᠯᠪᠡ᠃ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠳᠤ ︽ᠶᠠᠳᠠᠭᠤ ᠶᠢᠨ ᠦᠨᠳᠦᠰᠦ︾ ᠶᠢ ᠦᠭᠲᠡᠭᠡᠵᠦ ᠬᠠᠶᠠᠪᠠ᠃ ᠦᠵᠦᠮ | ᠲᠠᠷᠢᠬᠤ᠂ ᠭᠡᠷᠡᠯ ᠸᠣᠯᠲ ᠤᠨ ᠲᠠᠷᠢᠶᠠᠯᠠᠩ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ︽ᠺᠣᠮᠫᠠᠨᠢ + | ᠲᠠᠷᠢᠶᠠᠴᠢᠨ ᠡᠷᠦᠬᠡ︾ ︽ᠬᠤᠷᠰᠢᠶ᠎ᠠ + ᠲᠠᠷᠢᠶᠠᠴᠢᠨ ᠡᠷᠦᠬᠡ︾ ᠵᠡᠷᠭᠡ ᠶᠠᠳᠠᠭᠤ ᠶᠢ ᠲᠡᠳᠬᠦᠬᠦ ᠵᠠᠭᠪᠤᠷ ᠢ ᠶᠡᠬᠡᠪᠡᠷ | ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠪᠡ᠃ ᠣᠳᠣ ᠪᠣᠯᠲᠠᠯ᠎ᠠ᠂ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ᠂ ᠠᠵᠢᠯ ᠬᠢᠵᠦ ᠠᠵᠢᠯ ᠣᠯᠭᠤᠬᠤ᠂ ᠲᠤᠯᠤᠭᠠᠶᠢᠯᠠᠭᠴᠢ ᠠᠴᠠ ᠲᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠥᠳᠡᠯᠮᠦᠷᠢᠯᠡᠬᠦ ᠴᠢᠳᠠᠪᠤᠷᠢ ᠲᠠᠢ 196 ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠥᠲᠥᠯᠥᠨ | ᠵᠢᠯᠣᠭᠤᠳᠴᠤ ᠶᠠᠳᠠᠭᠤ ᠠᠴᠠ ᠨᠢ ᠠᠩᠭᠢᠵᠢᠷᠠᠭᠤᠯᠤᠨ ᠪᠠᠶᠠᠵᠢᠭᠤᠯᠵᠤ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ | ᠴᠣᠭᠴᠠ ᠪᠠ ᠬᠠᠮᠲᠤ ᠶᠢᠨ ᠠᠵᠤ ᠠᠬᠤᠶ ᠶᠢ ᠳᠠᠶᠢᠴᠢᠯᠠᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ | ᠠᠵᠢᠯ ᠣᠯᠭᠤᠬᠤ᠂ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | 152 ᠨᠡᠷᠡᠰ ᠬᠥᠳᠡᠯᠮᠦᠷᠢᠯᠡᠬᠦ ᠴᠢᠳᠠᠪᠤᠷᠢ ᠨᠢ ᠪᠠᠭᠤᠷᠠᠢ ᠶᠠᠳᠠᠭᠤ ᠬᠦᠴᠢᠷᠳᠡᠯᠳᠡᠢ ᠣᠯᠠᠨ ᠲᠦᠮᠡᠨ ᠢ ᠳᠠᠶᠢᠴᠢᠯᠠᠨ | ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠡᠳ᠋ ᠬᠥᠷᠥᠩᠭᠡ ᠨᠠᠶᠢᠳᠠᠨ ᠬᠠᠮᠢᠶᠠᠷᠤᠭᠤᠯᠬᠤ᠂ ᠬᠤᠪᠢᠴᠠᠭ᠎ᠠ | ᠣᠷᠣᠭᠤᠯᠵᠤ ᠠᠰᠢᠭ ᠬᠤᠪᠢᠶᠠᠬᠤ ᠵᠡᠷᠭᠡ ᠬᠡᠯᠪᠡᠷᠢ ᠪᠠᠷ ᠲᠠᠮᠵᠢᠭᠤᠯᠤᠨ ᠬᠥᠳᠡᠯᠮᠦᠷᠢᠯᠡᠬᠦ ᠴᠢᠳᠠᠪᠤᠷᠢ ᠦᠭᠡᠢ ᠪᠠ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ 123 ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠰᠠᠭᠤᠷᠢ | ᠪᠠᠲᠤᠯᠠᠭ᠎ᠠ ᠬᠠᠩᠭᠠᠪᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ 3793 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ 54 ᠲᠥᠷᠥᠯ ᠵᠦᠢᠯ ᠢ ᠬᠡᠷᠡᠭᠵᠢᠭᠦᠯᠵᠦ᠂ 599 ᠶᠠᠳᠠᠭᠤ ᠬᠦᠴᠢᠷᠳᠡᠯᠲᠡᠶ | ᠡᠷᠦᠬᠡ ᠶᠢᠨ 1293 ᠬᠥᠮᠦᠨ ᠠᠰᠢᠭ ᠭᠥᠷᠳᠡᠪᠡ᠃ ᠵᠣᠷᠢᠭ ᠰᠠᠨᠠᠭ᠎ᠠ ᠣᠶᠤᠨ ᠤᠬᠠᠭᠠᠨ ᠬᠤᠶᠠᠷ ᠢᠶᠠᠷ ᠲᠡᠳᠬᠦᠵᠦ | ᠬᠥᠳᠡᠯᠭᠡᠬᠦ ᠬᠦᠴᠦᠨ ᠢ ᠨᠢ ᠬᠥᠭᠵᠢᠭᠡᠬᠦ ᠶᠢ ᠪᠠᠷᠢᠮᠲᠠᠯᠠᠪᠡ᠃ ᠶᠠᠳᠠᠭᠤ ᠶᠢ ᠲᠡᠳᠬᠦᠬᠦ ᠺᠠᠳ᠋ᠷᠴᠤᠳ ᠢᠶᠠᠷ ᠪᠦᠷᠢᠯᠳᠦᠭᠰᠡᠨ | ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ᠰᠣᠶᠣᠯ ᠢᠶᠠᠷ ᠶᠠᠳᠠᠭᠤ ᠶᠢ | ᠲᠡᠳᠬᠦᠬᠦ ᠶᠢᠨ ︽ᠠᠷᠪᠠ ᠶᠢ ᠲᠣᠰᠬᠤᠨ ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠭᠦᠨᠵᠡᠭᠡᠶ ᠦᠷᠨᠢᠬᠦᠯᠵᠦ᠂ | ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠢᠲᠡᠭᠡᠯ ᠵᠣᠷᠢᠭ ᠢ ᠨᠢ | ᠪᠦᠲᠦᠮᠵᠢᠲᠡᠶ ᠨᠡᠮᠡᠭᠳᠡᠭᠦᠯᠪᠡ᠃ 120 ᠭᠠᠷᠤᠶ ᠶᠠᠳᠠᠭᠤ ᠠᠴᠠ ᠠᠩᠭᠢᠵᠢᠷᠠᠭᠤᠯᠤᠭᠰᠠᠨ ᠨᠡᠶᠢᠲᠡᠯᠢᠭ ᠵᠢᠱᠢᠶ᠎ᠡ ᠶᠢ | ᠭᠦᠨᠵᠡᠭᠡᠶ ᠠᠭᠤᠳᠠᠯᠵᠤ᠂ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠳᠤ | ᠪᠢ ᠣᠷᠣᠯᠴᠠᠶ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠪᠠ ᠶᠠᠳᠠᠭᠤ ᠠᠴᠠ ᠠᠩᠭᠢᠵᠢᠷᠠᠭᠤᠯᠬᠤ | ᠤᠳᠤ᠂ ᠳᠡᠷᠭᠡᠳᠡᠬᠢ ᠰᠠᠶᠢᠨ ᠬᠦᠮᠦᠨ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠵᠤ ᠬᠥᠬᠢᠭᠦᠯᠦᠨ | ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ᠂ ᠳᠡᠷᠭᠡᠳᠡᠬᠢ ᠬᠥᠮᠦᠰ ᠪᠠ ᠳᠡᠷᠭᠡᠳᠡᠬᠢ ᠶᠠᠪᠤᠳᠠᠯ ᠢᠶᠠᠷ ᠶᠠᠳᠠᠭᠤ | ᠬᠦᠴᠢᠷᠳᠡᠯᠲᠡᠢ ᠤᠯᠠᠨ ᠲᠦᠮᠡᠨ ᠤ ᠥᠪᠡᠷ ᠤᠨ ᠰᠢᠷᠭᠠᠭᠤ ᠬᠥᠳᠡᠯᠮᠦᠷᠢ ᠳᠡᠭᠡᠨ ᠲᠦᠰᠢᠭᠯᠡᠬᠦ ᠶᠢ ᠤᠷᠮᠠᠰᠢᠭᠤᠯᠤᠨ | ᠵᠣᠷᠢᠭᠵᠢᠭᠤᠯᠵᠤ᠂ ᠨᠠᠩ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ | ᠡᠷᠬᠡᠪᠰᠢ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠲᠠᠰᠤᠷᠠᠯᠲᠠ ᠦᠭᠡᠢ | ᠬᠦᠴᠦᠷᠬᠡᠭᠵᠢᠭᠦᠯᠭᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠳᠤ ᠲᠤᠭ᠎ᠠ ᠬᠡᠮᠵᠢᠶ᠎ᠡ ᠶᠢ ᠨᠢ ᠦᠵᠡᠬᠦ ᠪᠠᠷ ᠪᠠᠷᠠᠬᠤ | ᠦᠭᠡᠢ ᠨᠡᠩ ᠴᠤ ᠶᠠᠰᠤ ᠴᠢᠨᠠᠷ ᠢ ᠨᠢ ᠦᠵᠡᠬᠦ ᠬᠡᠷᠡᠭᠲᠡᠶ᠃ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠲᠤᠯᠠᠬᠤ ᠳᠤ ᠡᠩ ᠲᠡᠷᠢᠭᠦᠨ ᠳᠤ | ᠠᠰᠠᠭᠤᠳᠠᠯ ᠳᠤ ᠵᠥᠪ ᠢᠶᠠᠷ ᠬᠠᠨᠳᠤᠵᠤ᠂ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠣᠶᠢᠷ᠎ᠠ ᠶᠢᠨ ᠵᠢᠯ ᠠᠴᠠ | ᠨᠠᠰᠢ᠂ ᠮᠠᠨ ᠤ ᠬᠤᠲᠠ ᠢᠮᠠᠭᠲᠠ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ ᠠᠰᠠᠭᠤᠳᠠᠯ ᠤᠨ ᠵᠠᠩᠭᠢᠯᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠤᠳᠠᠭᠳᠠᠯ ᠢᠶᠠᠨ ᠪᠦᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ | ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠤ᠂ ᠶᠠᠳᠠᠭᠤ ᠠᠴᠠ ᠠᠩᠭᠢᠵᠢᠷᠠᠭᠤᠯᠬᠤ ᠴᠢᠨᠠᠷ ᠴᠢᠨᠰᠠᠭ᠎ᠠ ᠶᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠨ ᠴᠢᠩᠭᠠᠳᠬᠠᠵᠤ᠂ | ᠳᠡᠭᠡᠳᠦ ᠱᠠᠲᠤᠨ ᠤ ᠲᠣᠭᠤᠷᠢᠨ ᠪᠠᠶᠢᠴᠠᠭᠠᠯᠳᠠ ᠱᠠᠯᠠᠪᠳᠠᠭᠤᠯᠤᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠪᠡ᠃ ︽ᠦᠬᠠᠶ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠤ | ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠨᠥᠬᠦᠪᠥᠷᠢᠯᠡᠬᠦ ᠲᠣᠭᠲᠠᠴᠠ︾ ︽ᠦᠬᠠᠶ ᠬᠤᠲᠠ ᠶᠢᠨ | ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ ᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠶᠢᠨ ᠲᠣᠭᠲᠠᠴᠠ︾ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠵᠤ᠂ | 14.34 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠬᠦ ᠬᠤᠲᠠ ᠶᠢᠨ ᠶᠠᠳᠠᠭᠤ ᠬᠦᠴᠢᠷᠳᠡᠯᠲᠡᠶ ᠣᠯᠠᠨ | ᠲᠦᠮᠡᠨ ᠳᠤ ︽ᠶᠠᠳᠠᠭᠤ ᠠᠴᠠ ᠰᠡᠷᠭᠡᠶᠢᠯᠡᠬᠦ ᠲᠠᠭᠠᠳᠬᠠᠯ︾ ᠬᠤᠳᠠᠯᠳᠤᠨ ᠠᠪᠴᠤ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠭᠠᠮᠰᠢᠭ ᠠᠴᠠ ᠪᠤᠯᠵᠤ᠂ ᠡᠪᠡᠳᠴᠢᠨ ᠠᠴᠠ ᠪᠣᠯᠵᠣ ᠳᠠᠬᠢᠨ ᠦᠯᠦ ᠶᠠᠳᠠᠭᠤᠷᠠᠬᠤ ᠶᠢ ᠦᠨᠡᠨᠬᠦ ᠪᠠᠲᠤᠯᠠᠪᠠ᠃ | ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ᠂ | ᠮᠠᠨ ᠤ ᠬᠤᠲᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠪᠦᠬᠦ ᠬᠦᠴᠦᠨ ᠢᠶᠠᠷ ᠪᠠᠲᠤᠯᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ | ᠠᠵᠢᠯ ᠣᠯᠭᠤᠯᠳᠠ ᠪᠠᠷ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠲᠤᠷ | ᠠᠳᠬᠤᠵᠤ᠂ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠪᠦᠲᠦᠮᠵᠢᠲᠡᠶ ᠠᠷᠭᠠᠴᠠᠭᠠᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ | ᠡᠷᠬᠡᠪᠰᠢ ᠦᠷᠭᠡᠨ ᠢᠶᠠᠷ ᠲᠠᠶᠢᠴᠢᠯᠠᠨ ᠵᠣᠬᠢᠶᠠᠨ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠵᠡᠷᠭᠡᠪᠡᠷ ᠠᠳᠬᠤᠵᠤ | ᠬᠠᠮᠲᠤ ᠪᠠᠷ ᠬᠠᠮᠢᠶᠠᠷᠬᠤ ᠬᠡᠷᠡᠭᠲᠡᠢ᠃ ︽ᠬᠥᠮᠦᠨ ᠤ ᠰᠡᠳᠬᠢᠯ ᠨᠢᠭᠡᠳᠪᠡᠰᠦ ᠲᠠᠶᠢᠱᠠᠨ ᠠᠭᠤᠯᠠ ᠶᠢ ᠨᠡᠭᠦᠯᠭᠡᠮᠦᠢ︾᠃ | ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠪᠣᠯ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠪᠤᠳᠠᠯ ᠲᠡᠳᠦᠶ | ᠪᠢᠰᠢ᠂ ᠪᠠᠰᠠ ᠴᠤ ᠨᠡᠶᠢᠭᠡᠮ ᠳᠠᠶᠠᠭᠠᠷ ᠤᠨ ᠶᠠᠪᠤᠳᠠᠯ ᠮᠥᠨ᠃ ᠮᠠᠨ ᠤ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠠᠮᠲᠤᠷᠠᠨ ᠬᠥᠳᠡᠯᠦᠯᠴᠡᠵᠦ ᠬᠦᠴᠦᠯᠡᠬᠦ ᠶᠢ ᠲᠡᠭᠡᠲᠤ | ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ᠂ | ᠪᠦᠬᠦ ᠨᠡᠶᠢᠭᠡᠮ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠢᠳᠡᠪᠬᠢᠲᠡᠢ ᠣᠷᠣᠯᠴᠠᠬᠤ | ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠪᠡ᠃ ᠪᠦᠬᠦ ᠬᠤᠲᠠ ᠶᠢᠨ 11 ᠶᠠᠳᠠᠭᠤ ᠶᠢ ᠲᠡᠳᠬᠦᠬᠦ | ᠲᠣᠯᠣᠭᠠᠶᠢᠯᠠᠭᠴᠢ ᠠᠵᠤ ᠠᠬᠤᠶᠢᠯᠠᠯ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠳᠠᠶᠢᠴᠢᠯᠠᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠪᠠ︔ 18 ᠠᠵᠤ ᠦᠢᠯᠡᠳᠪᠦᠷᠢ ᠶᠢᠨ ᠠᠵᠤ ᠠᠬᠤᠶᠢᠯᠠᠯ 1930 ᠲᠦᠮᠡᠨ ᠲᠥᠭᠦᠷᠢᠭ ᠤᠨ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠡᠯᠡᠳᠭᠡᠯ ᠮᠥᠩᠭᠦ ᠴᠤᠭᠯᠠᠭᠤᠯᠵᠤ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠵᠤ᠂ 19 | ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ 300 ᠲᠦᠮᠡᠨ ᠲᠥᠭᠦᠷᠢᠭ | ᠤᠷᠴᠢᠮ ᠬᠦᠷᠪᠡ᠃ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠵᠣᠬᠢᠶᠠᠨ ᠪᠠᠶᠢᠭᠤᠯᠤᠯᠲᠠ | ᠤᠬᠠᠮᠰᠠᠷ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠨᠡᠶᠢᠲᠡ 20 ᠭᠠᠷᠤᠶ ᠲᠠᠯᠠᠪᠤᠷ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠳᠤ ᠥᠷᠭᠡᠨ ᠢᠶᠠᠷ ᠣᠷᠣᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠳᠥᠷᠪᠡᠨ ᠵᠦᠭ ᠨᠠᠢᠮᠠᠨ ᠵᠣᠪᠬᠢᠰ ᠠᠴᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠦᠴᠦᠷᠬᠡᠭ | ᠶᠡᠭᠡ ᠬᠦᠴᠦᠨ ᠢ ᠨᠢᠭᠲᠠᠷᠠᠭᠤᠯᠪᠠ᠃ | ᠪᠦᠬᠦ ᠲᠠᠯ᠎ᠠ ᠪᠠᠷ ᠶᠠᠳᠠᠭᠤ ᠠᠴᠠ ᠠᠩᠬᠢᠵᠢᠷᠠᠭᠤᠯᠬᠤ ᠢᠯᠠᠯᠲᠠ ᠲᠠᠷᠣᠢ ᠬᠦᠷᠴᠦ ᠢᠷᠡᠬᠦ ᠪᠤᠯᠤᠯ᠎ᠠ᠃ ᠪᠦᠬᠦ | ᠬᠤᠲᠠ ᠳᠠᠶᠠᠭᠠᠷ ᠡᠷᠬᠡᠪᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠪᠴᠢ ᠪᠠᠨ ᠴᠢᠩᠭᠠᠯᠠᠵᠤ᠂ ᠡᠷᠴᠢ ᠵᠣᠷᠢᠭ ᠢᠶᠠᠨ ᠬᠥᠪᠴᠢᠯᠡᠨ᠂ | ᠡᠴᠦᠰ ᠲᠤᠨᠢ ᠲᠤᠯᠲᠠᠯ᠎ᠠ ᠠᠳᠬᠤᠵᠤ᠂ ᠰᠢᠢᠳᠪᠦᠷᠢᠲᠦ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠡᠴᠦᠰ ᠤᠨ ᠨᠢᠭᠡ ᠺᠢᠯᠤᠮᠧᠲᠷ ᠲᠤ ᠯᠠᠪᠳᠠᠭᠤᠨ ᠪᠠᠲᠤᠲᠠᠢ ᠭᠦᠶᠦᠵᠦ᠂ ᠲᠡᠦᠬᠡ᠂ ᠠᠷᠠᠳ | ᠲᠦᠮᠡᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠡᠶᠢᠨ᠎ᠠ︕ |