ᠮᠠᠨ ᠤ ᠬᠤᠲᠠ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2020/10/19
     10 ᠰᠠᠷ᠎ᠠ ᠶᠢᠨ 17 ᠤ ᠡᠳᠦᠷ᠂ ᠪᠥᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠦᠬᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠡᠬᠢᠯᠡᠪᠡ᠃ ᠤᠷᠤᠯᠳᠤᠭᠠᠨ ᠨᠢ ᠬᠤᠶᠠᠷ ᠡᠳᠦᠷ ᠶᠠᠪᠤᠭᠳᠠᠵᠤ᠂ ᠮᠠᠨ ᠤ ᠬᠤᠲᠠ ᠶᠢᠨ 35 ᠰᠤᠷᠭᠠᠭᠤᠯᠢ ᠠᠴᠠ ᠢᠷᠡᠭᠰᠡᠨ 200 ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠮᠠᠰᠢᠨ ᠬᠥᠮᠦᠨ ᠤ ᠪᠦᠲᠦᠭᠡᠯᠴᠢ ᠤᠷᠤᠯᠳᠤᠭᠠᠨ᠂ WRO ᠶᠢᠨ ᠡᠩ ᠤᠨ ᠤᠷᠤᠯᠳᠤᠭᠠᠨ᠂ 2020MakeX ᠮᠠᠰᠢᠨ ᠬᠥᠮᠦᠨ ᠤ ᠥᠷᠢᠰᠥᠯᠳᠦᠭᠡᠨ ᠤ ᠤᠷᠤᠯᠳᠤᠭᠠᠨ᠂ 3D ᠳᠠᠷᠤᠮᠠᠯᠯᠠᠯ ᠤᠨ ᠪᠦᠲᠦᠭᠡᠯᠴᠢ ᠰᠡᠳᠭᠢᠯᠭᠡ ᠶᠢᠨ ᠤᠷᠤᠯᠳᠤᠭᠠᠨ᠂ WER ᠲᠦᠭᠡᠮᠡᠯᠵᠢᠭᠦᠯᠦᠯᠲᠡ ᠶᠢᠨ ᠤᠷᠤᠯᠳᠤᠭᠠᠨ ᠵᠡᠷᠭᠡ 7 ᠲᠥᠷᠥᠯ ᠵᠦᠢᠯ ᠤᠨ ᠣᠷᠣᠯᠳᠣᠭᠠᠨ ᠳᠤ ᠣᠷᠣᠯᠴᠠᠬᠤ ᠪᠣᠯᠤᠨ᠎ᠠ᠃      ᠲᠤᠰ ᠤᠳᠠᠭᠠᠨ ᠤ ᠤᠷᠤᠯᠳᠤᠭᠠᠨ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠬᠤᠷᠢᠶ᠎ᠠ ᠠᠴᠠ ᠭᠤᠣᠯᠯᠠᠨ ᠡᠷᠬᠢᠯᠡᠵᠦ᠂ ᠦᠬᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠬᠠᠪᠰᠤᠷᠤᠨ ᠡᠷᠬᠢᠯᠡᠪᠡ᠃ ᠨᠢᠭᠡ ᠵᠦᠢᠯ ᠤᠨ ᠭᠠᠷ ᠢᠶᠠᠨ ᠬᠦᠳᠡᠯᠭᠡ ᠲᠠᠷᠢᠬᠢ ᠪᠠᠨ ᠬᠥᠳᠡᠯᠭᠡᠬᠦ᠂ ᠤᠷ᠎ᠠ ᠴᠢᠳᠠᠪᠤᠷᠢ ᠪᠠᠨ ᠬᠥᠮᠦᠵᠢᠭᠦᠯᠬᠦ᠂ ᠰᠦᠪᠡᠭᠴᠢᠯᠡᠯᠳᠡ ᠶᠢᠨ ᠴᠢᠨᠠᠷᠲᠠᠢ ᠰᠤᠷᠤᠯᠴᠠᠯᠭ᠎ᠠ ᠶᠢ ᠨᠢᠭᠡ ᠴᠣᠭᠴᠠ ᠪᠣᠯᠭᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠣᠯᠤᠭᠰᠠᠨ ᠤ ᠬᠤᠪᠢ ᠳᠤ᠂ ᠤᠷᠤᠯᠳᠤᠭᠠᠨ ᠨᠢ ᠵᠠᠯᠠᠭᠤ ᠪᠠᠭᠠᠴᠤᠳ ᠤᠨ ᠲᠠᠮᠢᠷᠴᠢᠳ ᠤᠨ ᠳᠡᠰ ᠳᠠᠷᠠᠭᠠᠯᠠᠯ ᠢ ᠨᠠᠶᠢᠷᠠᠭᠤᠯᠤᠨ ᠪᠢᠴᠢᠬᠦ᠂ ᠮᠧᠬᠠᠨᠢᠭ ᠤᠭᠰᠠᠷᠠᠬᠤ᠂ ᠡᠭᠦᠳᠦᠨ ᠪᠦᠲᠦᠭᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠣᠯᠠᠨ ᠲᠠᠯ᠎ᠠ ᠶᠢᠨ ᠴᠢᠳᠠᠪᠤᠷᠢ ᠶᠢ ᠰᠢᠯᠭᠠᠨ ᠪᠠᠶᠢᠴᠠᠭᠠᠬᠤ ᠪᠣᠯᠤᠨ᠎ᠠ᠃      ᠲᠤᠬᠠᠢ ᠶᠢᠨ ᠲᠠᠯᠠᠪᠠᠢ ᠳᠤ᠂ ᠪᠥᠵᠢᠭ ᠪᠥᠵᠢᠭᠯᠡᠳᠡᠭ ᠮᠠᠰᠢᠨ ᠬᠥᠮᠦᠨ ᠣᠯᠠᠨ ᠤ ᠠᠩᠬᠠᠷᠤᠯ ᠢ ᠲᠠᠲᠠᠵᠤ᠂ ᠨᠢᠭᠡ ᠨᠢᠭᠡ ᠰᠡᠳᠬᠢᠭᠳᠡᠰᠢ ᠦᠭᠡᠢ ᠬᠥᠳᠡᠯᠦᠯ ᠪᠠᠷᠢᠯ ᠨᠢ ᠣᠯᠠᠨ ᠤ ᠤᠷᠠᠶᠢᠯᠠᠯ ᠢ ᠡᠭᠦᠰᠭᠡᠪᠡ᠃ ︽ᠡᠨᠡ ᠪᠣᠯ ᠪᠥᠵᠢᠭ ᠤᠨ ᠮᠠᠰᠢᠨ ᠬᠥᠮᠦᠨ ᠮᠥᠨ᠂ ᠲᠡᠷᠡ ᠨᠢ ᠫᠷᠤᠭ᠍ᠷᠠᠮ ᠤᠨ ᠡᠵᠡᠮᠳᠡᠯ ᠢᠶᠠᠷ ᠳᠡᠮᠵᠢᠨ ᠬᠥᠭᠵᠢᠮ ᠤᠨ ᠠᠶᠢᠵᠠᠮ ᠢ ᠳᠠᠭᠠᠵᠤ ᠭᠤᠶᠢᠳᠠ ᠰᠠᠶᠢᠬᠠᠨ ᠪᠥᠵᠢᠭ ᠢ ᠲᠣᠭᠯᠠᠵᠤ ᠪᠣᠯᠤᠨ᠎ᠠ᠃ ᠬᠤᠲᠠ ᠶᠢᠨ ᠮᠠᠢ ᠪᠦ᠋ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠫᠷᠤᠭ᠍ᠷᠠᠮ ᠨᠠᠶᠢᠷᠠᠭᠤᠯᠬᠤ ᠪᠠᠭᠰᠢ ᠸᠠᠩ ᠴᠢᠶᠠᠩ ᠲᠠᠨᠢᠯᠴᠠᠭᠤᠯᠪᠠ᠃      ᠬᠡᠯᠪᠡᠷᠢ ᠳᠦᠷᠰᠦ ᠨᠢ ᠣᠨᠳᠣᠤ᠂ ᠴᠢᠳᠠᠮᠵᠢ ᠨᠢ ᠠᠳᠠᠯᠢ ᠪᠤᠰᠤ ᠮᠠᠰᠢᠨ ᠬᠥᠮᠦᠨ ᠬᠦᠮᠦᠰ ᠤᠨ ᠬᠠᠷᠠᠭ᠎ᠠ ᠶᠢ ᠨᠡᠭᠡᠭᠡᠯᠭᠡᠪᠡ᠃ ︽ᠡᠨᠡ ᠬᠦ ᠮᠠᠰᠢᠨ ᠬᠥᠮᠦᠨ ᠨᠢ ᠨᠢᠭᠡᠨ ᠤᠯᠠᠭᠠᠨ ᠤ ᠭᠠᠳᠠᠨᠠᠬᠢ ᠲᠤᠶᠠᠭᠠᠨ ᠤ ᠳᠤᠯᠠᠭᠠᠨ ᠤ ᠬᠡᠮᠵᠢᠭᠦᠷ ᠬᠡᠷᠡᠭᠰᠡᠵᠦ ᠲᠡᠭᠦᠨ ᠢ ᠡᠯᠧᠺᠲᠷᠣᠨ ᠳᠡᠯᠭᠡᠴᠡ ᠳᠡᠭᠡᠷ᠎ᠡ ᠬᠤᠯᠪᠣᠵᠤ ᠭᠡᠳᠦ ᠲᠡᠭᠤᠠ ᠳᠣᠯᠭᠢᠶᠠᠨ ᠰᠡᠷᠡᠭᠳᠡᠭᠦᠷ ᠢᠶᠠᠷ ᠬᠥᠮᠦᠨ ᠤ ᠪᠡᠶ᠎ᠡ ᠶᠢᠨ ᠳᠤᠯᠠᠭᠠᠨ ᠢ ᠬᠡᠮᠵᠢᠵᠦ ᠭᠠᠷᠭᠠᠳᠠᠭ᠃ ᠪᠡᠶ᠎ᠡ ᠶᠢᠨ ᠳᠤᠯᠠᠭᠠᠨ ᠨᠢ ᠥᠨᠳᠥᠷ ᠬᠥᠮᠦᠨ ᠢ ᠴᠠᠭ ᠲᠤᠬᠠᠶ ᠳᠤᠨᠢ ᠬᠢᠨᠠᠨ ᠳᠣᠲᠣᠯᠠᠵᠤ᠂ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠳᠠᠯ ᠳᠤ ᠣᠷᠣᠪᠠᠯ ᠳᠠᠷᠤᠶ ᠭᠠᠷ ᠢᠶᠠᠨ ᠤᠬᠢᠶᠠᠵᠤ ᠠᠷᠢᠭᠤᠳᠬᠠᠵᠤ ᠪᠣᠯᠤᠨ᠎ᠠ︔ ᠰᠡᠷᠡᠭᠳᠡᠭᠦᠷ ᠭᠠᠷ ᠲᠤ ᠰᠡᠷᠡᠭᠳᠡᠬᠦ ᠦᠶᠡᠰ ᠳᠡᠭᠡᠷᠡᠬᠢ ᠬᠠᠪᠲᠠᠰᠤ ᠨᠢ ᠭᠠᠷ ᠤᠬᠢᠶᠠᠬᠤ ᠰᠢᠩᠭᠡᠨ ᠢ ᠰᠢᠬᠠᠨ ᠭᠠᠷᠭᠠᠵᠤ᠂ ᠬᠦᠷᠦᠯᠴᠡᠬᠦ ᠦᠭᠡᠶ ᠪᠠᠷ ᠪᠡᠶ᠎ᠡ ᠶᠢᠨ ᠳᠤᠯᠠᠭᠠᠨ ᠪᠠ ᠠᠷᠢᠭᠤᠳᠬᠠᠬᠤ ᠦᠷ᠎ᠡ ᠳ᠋ᠦᠩ ᠢ ᠪᠡᠶᠡᠯᠡᠭᠦᠯᠳᠡᠭ︾ ᠬᠡᠵᠦ ᠰᠣᠷᠣᠭᠴᠢ ᠴᠢᠶᠠᠨ ᠹᠦ᠋ ᠴᠧᠩ ᠰᠢᠯᠭᠠᠷᠠᠭᠤᠯᠬᠤ ᠺᠣᠮᠢᠰ ᠤᠨ ᠭᠡᠰᠢᠭᠦᠳ ᠲᠤ ᠥᠪᠡᠷ ᠤᠨ ᠪᠦᠯᠬᠦᠮ ᠤᠨ ᠪᠦᠲᠦᠭᠡᠯ ᠢᠶᠠᠨ ᠲᠠᠨᠢᠯᠴᠠᠭᠤᠯᠪᠠ᠃ ᠡᠬᠦᠨ ᠠᠴᠠ ᠭᠠᠳᠠᠨ᠎ᠠ ᠪᠠᠰᠠ ᠬᠦᠷᠳᠦᠨ ᠤ ᠲᠡᠩᠭᠡᠯᠢᠭ ᠤᠨ ᠤᠭ ᠶᠣᠰᠣ ᠪᠠ ᠬᠥᠰᠢᠭᠦᠷᠭᠡ ᠶᠢᠨ ᠤᠭ ᠶᠣᠰᠣ ᠶᠢ ᠠᠰᠢᠭᠯᠠᠨ ᠬᠢᠭᠰᠡᠨ ᠨᠢᠳᠤᠷᠭᠠᠨ ᠲᠡᠮᠡᠴᠡᠭᠡᠨ ᠤ ᠮᠠᠰᠢᠨ  ᠬᠦᠮᠦᠨ᠂ ᠤᠰᠤᠨ ᠳᠣᠲᠣᠷ᠎ᠠ ᠤᠷᠤᠭᠰᠢᠯᠠᠵᠤ ᠬᠤᠭ ᠨᠣᠪᠰᠢ ᠶᠢ ᠴᠡᠪᠡᠷᠯᠡᠬᠦ ᠮᠠᠰᠢᠨ ᠬᠥᠮᠦᠨ ᠵᠡᠷᠭᠡ ᠪᠤᠢ᠃      ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠨᠢ ᠮᠠᠨ ᠤ ᠬᠤᠲᠠ ᠶᠢᠨ ᠵᠠᠯᠠᠭᠤᠴᠤᠳ ᠪᠠᠭᠠᠴᠤᠳ ᠲᠤ ᠠᠪᠢᠶᠠᠰ ᠴᠢᠳᠠᠪᠤᠷᠢ ᠪᠠᠨ ᠭᠠᠶᠢᠬᠠᠭᠤᠯᠬᠤ ᠲᠠᠪᠴᠠᠩ ᠬᠠᠩᠭᠠᠪᠠ᠃ ᠥᠪᠡᠷ ᠢᠶᠠᠨ ᠭᠠᠷ ᠬᠥᠳᠡᠯᠦᠨ ᠫᠷᠤᠭ᠍ᠷᠠᠮ ᠨᠠᠶᠢᠷᠠᠭᠤᠯᠬᠤ᠂ ᠮᠠᠰᠢᠨ ᠬᠥᠮᠦᠨ ᠦᠢᠯᠡᠳᠬᠦ ᠨᠢ ᠨᠡᠩ ᠣᠯᠠᠨ ᠬᠡᠤᠬᠡᠳ ᠢ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠳᠤ ᠪᠠᠭ᠋ᠠᠳᠠᠢ ᠪᠤᠯᠭᠠᠵᠤ᠂ ᠬᠡᠦᠬᠡᠳ ᠤᠨ ᠰᠡᠳᠬᠢᠯ ᠳᠤ ᠰᠢᠨᠵᠢᠯᠡᠬᠦ ᠤᠬᠠᠭᠠᠨ ᠤ ᠦᠷ᠎ᠡ ᠲᠠᠷᠢᠬᠤ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号