ᠮᠠᠨ ᠤ ᠬᠤᠳᠠ ᠦᠬᠠᠢ ᠶᠢᠨ ᠶᠠᠷᠢᠶᠠᠨ ᠤ ᠲᠠᠪᠴᠠᠩ · ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠲᠠᠶᠢᠯᠠᠯᠳᠣᠭᠠᠨ ᠤ ᠲᠤᠰᠬᠠᠢ ᠰᠡᠳᠦᠪᠲᠦ ᠰᠤᠷᠤᠯᠴᠠᠬᠤ ᠠᠩᠬᠢ ᠶᠢ ᠡᠷᠭᠢᠯᠡᠪᠡ
ᠨᠡᠶᠢᠲᠡᠯᠡᠭᠰᠡᠨ ᠴᠠᠭ᠄
2020/10/19
     10 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠮᠠᠨ ᠤ ᠬᠤᠳᠠ ᠦᠬᠠᠢ ᠶᠢᠨ ᠶᠠᠷᠢᠶᠠᠨ ᠤ ᠲᠠᠪᠴᠠᠩ · ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠲᠠᠶᠢᠯᠠᠯᠳᠣᠭᠠᠨ ᠤ ᠲᠤᠰᠬᠠᠢ ᠰᠡᠳᠦᠪᠲᠦ ᠰᠤᠷᠤᠯᠴᠠᠬᠤ ᠠᠩᠬᠢ ᠶᠢ ᠡᠷᠬᠢᠯᠡᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠬᠤᠪᠢᠳᠠᠨ ᠬᠠᠮᠢᠶᠠᠷᠬᠤ ᠠᠵᠢᠯᠲᠠᠨ ᠵᠢᠴᠢ ᠭᠤᠷᠪᠠᠨ ᠲᠣᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠦᠯᠦᠭᠡᠯᠡᠭᠴᠢ ᠵᠡᠷᠭᠡ 500 ᠰᠢᠬᠠᠮ ᠬᠥᠮᠦᠨ ᠣᠷᠣᠯᠴᠠᠵᠠᠶ᠃      ᠲᠤᠰᠬᠠᠢ ᠰᠡᠳᠦᠪᠲᠦ ᠰᠤᠷᠤᠯᠴᠠᠬᠤ ᠠᠩᠬᠢ ᠠᠴᠠ ᠪᠦᠬᠦ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢᠨ ᠲᠤᠰᠬᠠᠢ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠳ᠋ᠦ᠋ ᠱᠤᠤ ᠵᠦᠩ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠳᠤᠮᠳᠠᠳᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠰᠤᠳᠤᠯᠭᠠᠨ ᠬᠢᠭᠡᠳ ᠠᠬᠢᠭᠤᠯᠬᠤ ᠬᠤᠷᠠᠯ ᠤᠨ ᠬᠡᠷᠡᠭ ᠬᠢᠨᠠᠭᠴᠢᠳ ᠤᠨ ᠳᠠᠷᠤᠭ᠎ᠠ ᠶᠠᠩ ᠮᠢᠩ ᠰᠧᠨ᠂ ᠲᠢᠶᠠᠨᠵᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠰᠦᠨ ᠶᠢᠦ ᠬᠠᠢ ᠶᠢ ᠤᠷᠢᠵᠤ ︽ᠰᠢᠨ᠎ᠡ ᠵᠠᠭᠤᠴᠢᠯᠠᠭᠤᠷ ᠢᠶᠠᠷ ᠳᠤᠮᠳᠠᠳᠤ ᠤᠯᠤᠰ ᠤᠨ ᠣᠷᠴᠢᠨ ᠲᠣᠭᠤᠷᠢᠨ ᠤ ᠦᠯᠢᠭᠡᠷ ᠢ ᠰᠠᠶᠢᠲᠤᠷ ᠶᠠᠷᠢᠰᠣᠭᠠᠢ︾ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠨᠢᠭᠡᠳᠦᠭᠡᠷ ᠵᠠᠩᠭᠢᠯᠠᠭ᠎ᠠ ᠶᠢᠨ ᠦᠭᠡ᠄ ᠬᠥᠮᠦᠨ ᠬᠢᠭᠡᠳ ᠡᠭᠡ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠰᠣᠭᠠᠢ︾ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠰᠤᠭᠠᠢ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃ ᠲᠠᠶᠢᠯᠤᠮᠵᠢ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠲᠠᠢ ᠨᠢᠭᠲᠠ ᠤᠶᠠᠯᠳᠤᠭᠤᠯᠤᠨ᠂ ᠤᠰᠤ᠂ ᠠᠭᠠᠷ ᠮᠠᠨᠳᠠᠯ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠲᠠᠶᠢᠯᠠᠯᠳᠣᠭᠠᠨ ᠢ ᠰᠠᠶᠢᠲᠤᠷ ᠬᠢᠬᠦ ᠬᠤᠯᠪᠣᠭᠳᠠᠯ ᠪᠦᠬᠦᠢ ᠱᠠᠭᠠᠷᠳᠠᠯᠭ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠳᠠ ᠶᠢᠨ ᠥᠭᠡᠷᠡᠴᠢᠯᠡᠯᠲᠡ ᠬᠢᠭᠡᠳ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠰᠠᠶᠢᠲᠤᠷ ᠬᠢᠬᠦ᠂ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠰᠢᠮᠳᠠᠭᠤᠯᠤᠨ ᠪᠠᠶᠢᠴᠠᠭᠠᠯᠲᠠ ᠬᠢᠭᠡᠳ ᠣᠷᠣᠨ ᠨᠤᠲᠤᠭ ᠤᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠤᠭᠤᠷᠢᠨ ᠳᠤ ᠰᠤᠷᠤᠯᠴᠠᠯᠭ᠎ᠠ ᠥᠷᠨᠢᠭᠦᠯᠪᠡ᠃ ᠲᠠᠶᠢᠯᠤᠮᠵᠢ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠠᠭᠤᠯᠭ᠎ᠠ ᠪᠠᠶᠠᠯᠢᠭ᠂ ᠮᠠᠰᠢ ᠴᠢᠩᠭ᠎ᠠ ᠵᠢᠯᠣᠭᠤᠳᠬᠤ ᠴᠢᠨᠠᠷ ᠪᠠ ᠰᠡᠩᠬᠡᠷᠡᠭᠦᠯᠬᠦ ᠴᠢᠨᠠᠷ ᠲᠠᠢ᠃      ᠲᠤᠰᠬᠠᠶ ᠰᠡᠳᠦᠪᠲᠦ ᠰᠤᠷᠤᠯᠴᠠᠯᠭ᠎ᠠ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠤᠳᠤᠷᠢᠳᠬᠤ ᠺᠠᠳ᠋ᠷ ᠤᠨ ᠤᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠵᠤ᠂ ︽ᠬᠦᠬᠡ ᠠᠭᠤᠯᠠ ᠬᠥᠬᠡᠮᠳᠦᠭ ᠤᠰᠤ ᠪᠣᠯ ᠲᠠᠷᠣᠢ ᠠᠯᠲᠠ ᠮᠥᠩᠭᠦᠨ ᠠᠭᠤᠯᠠ ᠮᠥᠨ︾ ᠭᠡᠬᠦ ᠰᠢᠨ᠎ᠡ ᠬᠥᠭᠵᠢᠯᠲᠡ ᠶᠢᠨ ᠣᠨᠣᠯᠵᠢᠬᠤᠨ ᠪᠣᠯᠤᠨ ᠪᠤᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠦᠵᠡᠯ ᠰᠠᠨᠠᠭᠠᠨ ᠤ ᠦᠵᠡᠯ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢ ᠨᠢ ᠴᠢᠩᠭᠠᠳᠬᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号