ᠮᠠᠨ ᠤ ᠬᠤᠲᠠ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠬᠦᠴᠦᠯᠡᠨ ᠪᠠᠲᠤᠯᠠᠪᠠ
ᠨᠡᠶᠢᠲᠡᠯᠡᠭᠰᠡᠨ ᠴᠠᠭ᠄
2020/10/19
     ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠪᠣᠯ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠭᠦᠭᠦ ᠶᠢᠨ ᠭᠤᠤᠯᠳᠠᠯᠭ᠎ᠠ ᠲᠠᠢ ᠠᠵᠢᠯ ᠪᠣᠯᠤᠨ᠎ᠠ᠃ ᠤᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠤᠰᠤᠨ ᠠᠰᠢᠭᠯᠠᠯᠲᠠ ᠪᠠᠷ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠶᠢ ᠣᠨᠣᠪᠴᠢᠲᠠᠶ ᠡᠵᠡᠮᠰᠢᠵᠦ᠂ ᠭᠤᠤᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠪᠡ᠃      ᠮᠠᠨ ᠤ ᠬᠤᠲᠠ ᠨᠢᠭᠡᠨᠲᠡ ᠪᠠᠶᠢᠭᠤᠯᠤᠭᠰᠠᠨ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠯᠡᠬᠦ ᠪᠠᠷᠢᠮᠵᠢᠶ᠎ᠠ︾ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠤᠰᠤᠨ ᠤ ᠬᠡᠮᠵᠢᠶ᠎ᠡ᠂ ᠤᠰᠤᠨ ᠤ ᠴᠢᠨᠠᠷ᠂ ᠳᠥᠭᠦᠮ ᠦᠵᠡᠭᠦᠯᠬᠦ ᠬᠡᠮᠵᠢᠶ᠎ᠡ᠂ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ᠳᠥᠷᠪᠡᠨ ᠵᠦᠢᠯ ᠤᠨ ᠬᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠲᠥᠪᠯᠡᠷᠡᠭᠦᠯᠦᠨ ᠬᠢᠨᠠᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠴᠡᠪᠡᠷᠯᠡᠨ ᠠᠷᠢᠯᠭᠠᠵᠤ ᠪᠠᠷᠢᠮᠵᠢᠶ᠎ᠠ ᠳᠤ ᠬᠦᠷᠭᠡᠬᠦ︾ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠷᠢᠶᠠᠯᠠᠬᠤ ᠣᠷᠣᠨ ᠳᠤ 78 ᠰᠠᠭᠤᠷᠢ ᠤᠰᠤ ᠴᠡᠪᠡᠷᠰᠢᠭᠦᠯᠬᠦ ᠮᠠᠰᠢᠨ ᠤᠭᠰᠠᠷᠠᠵᠤ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠦᠨ᠎ᠡ ᠲᠥᠯᠥᠪᠦᠷᠢ ᠥᠬᠡᠶ ᠪᠠᠷ ᠤᠰᠤᠨ ᠤ ᠺᠠᠷᠲ ᠲᠠᠷᠬᠠᠭᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠪᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠪᠠᠰᠠ ᠲᠠᠷᠢᠶᠠᠯᠠᠬᠤ ᠣᠷᠣᠨ ᠤ ᠣᠣᠭᠤᠬᠤ ᠣᠰᠣ ᠶᠢ ᠪᠠᠲᠤᠳᠬᠠᠨ ᠲᠡᠭᠡᠭᠰᠢᠯᠡᠬᠦᠯᠬᠦ᠂ ᠭᠠᠰᠢᠭᠤᠨ ᠱᠣᠷᠪᠣᠭ ᠤᠰᠤ ᠶᠢ ᠥᠭᠡᠷᠡᠴᠢᠯᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠲᠤᠰᠬᠠᠢ ᠵᠦᠢᠯ ᠢᠶᠠᠷ ᠶᠠᠳᠠᠭᠤ ᠶᠢ ᠲᠡᠳᠬᠦᠬᠦ ᠵᠡᠷᠭᠡ ᠪᠡᠯᠡ ᠮᠥᠩᠭᠦ ᠶᠢ ᠴᠢᠷᠮᠠᠶᠢᠨ ᠣᠯᠵᠤ᠂ ᠤᠳᠠ ᠲᠣᠭᠤᠷᠢᠭ ᠪᠠ ᠬᠠᠶᠢᠨᠠᠨ ᠲᠣᠭᠤᠷᠢᠭ ᠤᠨ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ᠂ ᠭᠤᠷᠪᠠᠨ ᠲᠤᠭᠤᠷᠢᠭ ᠭᠠᠰᠢᠭᠤᠨ ᠱᠣᠷᠪᠣᠭ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠲᠤᠰ ᠲᠤᠰ ᠬᠡᠷᠡᠭᠵᠢᠭᠦᠯᠵᠦ᠂ ᠬᠡᠰᠡᠭ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠰᠤᠨ ᠬᠥᠭᠡᠷᠭᠡ᠂ ᠬᠤᠭᠤᠯᠠᠶ ᠲᠣᠤᠷ ᠵᠡᠷᠭᠡ ᠶᠢ ᠴᠠᠭ ᠲᠤᠬᠠᠶ ᠳᠤᠨᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠢᠨᠵᠧᠨᠧᠷᠢᠩ ᠤᠨ ᠦᠷ᠎ᠡ ᠠᠰᠢᠭ ᠢ ᠤᠷᠲᠤ ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠪᠠ᠃      ᠮᠠᠨ ᠤ ᠬᠤᠲᠠ ︽ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠵᠢᠯᠣᠭᠤᠳᠬᠤ ᠰᠠᠨᠠᠯ︾ ᠪᠣᠯᠤᠨ ︽ᠲᠠᠷᠢᠶᠠᠯᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠤᠰᠤ ᠬᠠᠩᠭᠠᠬᠤ ᠠᠵᠢᠯ ᠢ ᠰᠠᠶᠢᠲᠤᠷ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠢᠯᠣᠭᠤᠳᠬᠤ ᠰᠠᠨᠠᠯ︾ ᠶᠣᠰᠣᠭᠠᠷ᠂ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭ᠎ᠠ︾ ᠪᠠ ︽ᠭᠤᠷᠪᠠᠨ ᠵᠦᠢᠯ ᠤᠨ ᠳᠦᠷᠢᠮ︾ ᠢ ᠴᠠᠭ ᠲᠤᠬᠠᠶ ᠳᠤᠨᠢ ᠪᠦᠷᠢᠨ ᠪᠣᠯᠭᠠᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ᠂ ᠤᠰᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠤᠰᠤ ᠬᠠᠩᠭᠠᠬᠤ ᠨᠢᠭᠡᠴᠡ ᠶᠢᠨ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ︔ ᠰᠢᠶᠠᠨ ᠤ ᠱᠠᠲᠤᠨ ᠤ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ᠂ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠵᠡᠷᠭᠡ ᠲᠦᠷᠢᠮ ᠢ ᠲᠡᠭᠦᠯᠳᠡᠷᠵᠢᠭᠦᠯᠪᠡ᠃      ᠣᠳᠣᠬᠠᠨ ᠳᠤ᠂ ᠪᠦᠬᠦ ᠬᠤᠲᠠ ᠶᠢᠨ 13 ᠲᠣᠰᠬᠤᠨ ᠪᠣᠯᠤᠨ 6 ᠲᠠᠷᠢᠶᠠᠯᠠᠩ ᠳᠤ ᠬᠤᠯᠪᠣᠭᠳᠠᠭᠰᠠᠨ ᠨᠡᠶᠢᠭᠡᠮ ᠲᠣᠭᠤᠷᠢᠭ ᠲᠤ 35 ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠭᠤᠯᠵᠤ᠂ ᠡᠭᠦᠨ ᠤ ᠳᠣᠲᠣᠷ᠎ᠠ ᠮᠢᠩᠭᠠᠨ ᠲᠣᠨ ᠲᠦᠮᠡᠨ ᠬᠥᠮᠦᠨ ᠠᠴᠠ ᠳᠡᠭᠡᠭᠰᠢᠬᠢ ᠢᠨᠵᠧᠨᠧᠷᠢᠩ 4᠂ ᠮᠢᠩᠭᠠᠨ ᠲᠣᠨ ᠲᠦᠮᠡᠨ ᠲᠣᠨ ᠠᠴᠠ ᠳᠣᠷᠣᠭᠰᠢᠬᠢ ᠢᠨᠵᠧᠨᠧᠷᠢᠩ 31 ᠪᠤᠢ᠂ ᠢᠨᠵᠧᠨᠧᠷᠢᠩ ᠨᠢ 19.8 ᠲᠦᠮᠡᠨ ᠬᠥᠮᠦᠨ ᠤ ᠠᠰᠢᠭ ᠬᠦᠷᠲᠡᠬᠦ ᠳᠤ ᠬᠤᠯᠪᠣᠭᠳᠠᠵᠤ᠂ ᠲᠠᠷᠢᠶᠠᠯᠠᠬᠤ ᠣᠷᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠷᠬᠦᠯᠲᠡ ᠪᠠ ︽ᠤᠰᠤᠨ ᠭᠤᠭᠤᠵᠢᠭᠤᠷ ᠢ ᠭᠡᠷ ᠲᠤᠨᠢ ᠬᠦᠷᠦᠭᠦᠯᠬᠦ︾᠂ ᠤᠰᠤᠨ ᠤ ᠬᠡᠮᠵᠢᠶ᠎ᠡ᠂ ᠤᠰᠤᠨ ᠤ ᠴᠢᠨᠠᠷ᠂ ᠤᠰᠤ ᠬᠠᠩᠭᠠᠬᠤ ᠳᠤ ᠳᠥᠭᠦᠮ ᠦᠵᠡᠭᠦᠯᠬᠦ ᠬᠡᠮᠵᠢᠶ᠎ᠡ ᠪᠣᠯᠤᠨ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ᠳᠥᠷᠪᠡᠨ ᠵᠦᠢᠯ ᠤᠨ ᠬᠦᠢᠴᠡᠳᠭᠡᠯ ᠲᠤᠭ᠎ᠠ ᠶᠢ ᠴᠥᠮ ᠪᠠᠷᠢᠮᠵᠢᠶ᠎ᠠ ᠳᠤ ᠬᠦᠷᠦᠭᠦᠯᠪᠡ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号