ᠡᠳᠡᠭᠡᠷ ᠲᠣᠷᠭᠠᠭᠤᠯᠢ ᠶᠢᠨ ᠮᠦᠩᠭᠦ ᠶᠢ ᠮᠤᠵᠢ ᠠᠯᠤᠰᠯᠠᠨ ᠣᠨᠳᠣᠤ ᠭᠠᠵᠠᠷ ᠲᠤᠰᠢᠶᠠᠵᠤ ᠪᠣᠯᠤᠨ᠎ᠠ
ᠨᠡᠶᠢᠲᠡᠯᠡᠭᠰᠡᠨ ᠴᠠᠭ᠄
2020/10/19
     ᠣᠶᠢᠷ᠎ᠠ ᠳᠤ᠂ ᠬᠠᠤᠯᠢ ᠬᠡᠷᠡᠭᠵᠢᠭᠦᠯᠬᠦ ᠦᠷ᠎ᠡ ᠠᠰᠢᠬ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠲᠥᠬᠦᠮ‌ᠦᠵᠡᠭᠦᠯᠬᠦ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠤᠮᠳᠠᠳᠤ ᠤᠯᠤᠰ ‍ᠤᠨ‌ᠠᠷᠠᠳ ᠤᠨ ᠪᠠᠩᠬᠢ ᠬᠠᠮᠲᠤᠷᠠᠨ ︽ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠣᠷᠭᠠᠭᠤᠯᠢ ᠶᠢᠨ ᠮᠦᠩᠬᠦ ᠶᠢ ᠮᠤᠵᠢ‌ᠠᠯᠤᠰᠯᠠᠨ ᠣᠨᠳᠣᠤ ᠭᠠᠵᠠᠷ ᠲᠤᠰᠢᠶᠠᠵᠦ ᠪᠤᠯᠬᠤ ᠠᠵᠢᠯ ᠢ ᠬᠡᠷᠡᠭᠵᠢᠭᠦᠯᠬᠦ ᠲᠤᠬᠠᠶ ᠮᠡᠳᠡᠭᠳᠡᠯ︾ ᠲᠠᠷᠬᠠᠭᠠᠵᠤ᠂ ᠡᠨᠡ ᠵᠢᠯ ᠤᠨ 5ᠰᠠᠷ᠎ᠠ ᠶᠢᠨ 1 ᠤ ᠡᠳᠦᠷ ᠠᠴᠠ ᠡᠬᠢᠯᠡᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠤᠬᠠᠶ ᠶᠢᠨ ᠲᠠᠯᠠᠪᠤᠷ ᠤᠨ ᠪᠤᠰᠤ‌‍ᠲ᠋ᠣᠷᠭᠠᠭᠤᠯᠢ ᠶᠢᠨ ᠮᠦᠩᠭᠦ ᠶᠢ ᠪᠥᠬᠦ ᠤᠯᠤᠰ ᠤᠨ ᠬᠡᠪᠴᠢᠶᠡᠨ ᠳᠤ ᠮᠤᠵᠢ ᠠᠯᠤᠰᠯᠠᠨ ᠣᠨᠳᠣᠤ ᠭᠠᠵᠠᠷ ᠲᠤᠰᠢᠶᠠᠵᠤ ᠪᠤᠯᠬᠤ ᠪᠣᠯᠭᠠᠨ᠎ᠠ ᠭᠡᠵᠡᠢ᠃            ᠮᠤᠵᠢ ᠠᠯᠤᠰᠯᠠᠨ ᠣᠨᠳᠣᠤ ᠭᠠᠵᠠᠷ ᠲᠣᠷᠭᠠᠭᠤᠯᠢ ᠶᠢᠨ ᠵᠣᠭᠤᠰ ᠲᠤᠰᠢᠶᠠᠬᠤ ᠳᠤ  ᠪᠠᠶᠢᠩᠭᠤ ᠲᠣᠬᠢᠶᠠᠯᠳᠤᠳᠠᠭ‌ᠠᠰᠠᠭᠤᠳᠠᠯ ᠤᠳ᠄            1. ᠶᠠᠭᠤ ᠶᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠤᠬᠠᠶ ᠶᠢᠨ ᠲᠠᠯᠠᠪᠤᠷ ᠤᠨ ᠪᠤᠰᠤ ᠲᠤᠷᠭᠠᠭᠤᠯᠢ ᠵᠢᠨ‌ᠮᠦ᠋ᠩᠭᠦ ᠭᠡᠬᠦ ᠪᠣᠶ︖            ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠤᠬᠠᠶ ᠶᠢᠨ ᠲᠠᠯᠠᠪᠤᠷ ᠤᠨ ᠪᠤᠰᠤ ᠲᠤᠷᠭᠠᠭᠤᠯᠢ ᠶᠢᠨ ᠮᠦᠩᠭᠦ‌‍ᠭᠡᠳᠡᠭ ᠨᠢ ᠶᠡᠷᠦᠳᠡᠭᠡᠨ ᠵᠠᠮ ᠬᠠᠷᠢᠯᠴᠠᠭᠠᠨ ᠤ ᠮᠡᠷᠭᠡᠵᠢᠯ ᠤᠨ  ᠬᠢᠨᠠᠨ ᠡᠵᠡᠮᠳᠡᠬᠦ ᠲᠥᠬᠦᠭᠡᠷᠦᠮᠵᠢ ᠳᠤ ᠲᠡᠮᠳᠡᠭᠯᠡᠭᠳᠡᠭᠰᠡᠨ ᠵᠠᠮ‌ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠢ ᠪᠣᠯᠤᠭᠰᠠᠨ  ᠲᠤᠷᠭᠠᠭᠤᠯᠢ ᠵᠢ‌ᠵᠢᠭᠠᠵᠤ ᠪᠣᠢ᠃ ᠵᠠᠮ ᠬᠠᠷᠢᠯᠴᠠᠭᠠᠨ ᠤ ᠳ᠋ᠧᠩ ᠤᠨ ᠳᠦᠷᠢᠮ ᠠᠴᠠ ᠵᠦᠷᠢᠴᠡᠭᠰᠡᠨ᠂ ᠲᠤᠬᠲᠠᠬᠰᠠᠨ ᠬᠤᠷᠳᠤᠴᠠ ᠡᠴᠠ‌‍ᠬᠡᠲᠦᠷᠡᠭᠦᠯᠦᠭᠰᠡᠨ ᠵᠡᠷᠭᠡ ᠦᠶ᠋ᠯᠡ ᠠᠵᠢᠯᠯᠠᠭ᠎ᠠ ᠨᠢ ᠰᠡᠭᠦᠳᠡᠷᠯᠡᠬᠦ ᠮᠠᠰᠢᠨ ᠳᠤ ᠰᠡᠭᠦᠳᠡᠷᠯᠡᠭᠳᠡᠭᠰᠡᠨ ᠤ ᠳᠠᠷᠠᠭ᠎ᠠ ᠵᠠᠮ ᠬᠠᠷᠢᠯᠴᠠᠭᠠᠨ ‍ᠤ‌‍ᠴᠠᠭᠳᠠᠭ᠎ᠠ ᠭᠡᠷᠡᠴᠢ ᠠᠪᠤᠭᠰᠠᠨ ᠪᠠ ᠲᠦᠷᠢᠮ ᠢ ᠵᠥᠷᠢᠴᠡᠨ ᠲᠡᠷᠭᠡ ᠪᠠᠨ ᠵᠣᠭᠰᠣᠭᠠᠭᠰᠠᠨ ᠠᠴᠠ ᠵᠠᠮ ᠬᠠᠷᠢᠯᠴᠠᠭᠠᠨ ᠤ  ᠴᠠᠭᠳᠠᠭ᠎ᠠ‌‍ᠲ᠋ᠤᠷᠭᠠᠭᠤᠯᠢ ᠶᠢᠨ ᠪᠠᠷᠢᠮᠲᠠ ᠨᠠᠭᠠᠬᠰᠠᠨ ᠨᠢ ᠴᠥᠮ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠤᠬᠠᠶ ᠶᠢᠨ ᠲᠠᠯᠠᠪᠤᠷ ‍ᠤᠨ‌‍ᠪᠤᠰᠤ ᠠᠵᠢᠯᠯᠠᠭ᠎ᠠ ᠳᠤ ᠲᠣᠭᠠᠴᠠᠭᠳᠠᠨ᠎ᠠ᠃            2. ᠣᠨᠳᠣᠤ ᠭᠠᠵᠠᠷ ᠲᠤ ᠵᠠᠮ ᠬᠠᠷᠢᠯᠴᠠᠭᠠᠨ ᠤ ᠲᠦᠷᠢᠮ ᠠᠴᠠ ᠵᠥᠷᠢᠴᠡᠭᠰᠡᠨ ᠪᠤᠯ  ᠲᠣᠷᠭᠠᠭᠤᠯᠢ ᠶᠢᠨ ᠮᠦᠩᠭᠦ ᠪᠠᠨ‌‍ᠬᠡᠷᠬᠢᠨ ᠲᠤᠰᠢᠶᠠᠬᠤ ᠪᠣᠶ︖            ︵1︶ ᠡᠵᠡᠩᠨᠡᠯᠲᠡ ᠶᠢᠨ ᠴᠡᠭ ᠲᠤ ᠬᠦᠷᠴᠤ ᠲᠤᠰᠢᠶᠠᠬᠤ᠄ ᠵᠣᠭᠤᠰ ᠲᠤᠰᠢᠶᠠᠭᠴᠢ ᠵᠠᠰᠠᠭ  ᠵᠠᠬᠢᠷᠭᠠᠨ ᠤ ᠰᠢᠢᠳᠬᠡᠯ‌ᠥᠭᠬᠦ ᠰᠢᠢᠳᠪᠦᠷᠢ ᠪᠤᠶᠤ ᠵᠠᠰᠠᠭ ᠵᠠᠬᠢᠷᠭᠠᠨ ᠤ ᠰᠢᠢᠳᠬᠡᠯ ᠥᠭᠬᠦ  ᠰᠢᠢᠳᠪᠦᠷᠢ ᠶᠢᠨ ᠳ᠋ᠤᠭᠠᠷ ᠢᠶᠠᠨ ᠠᠪᠴᠤ᠂ ᠰᠢᠢᠳᠪᠦᠷᠢᠯᠡᠬᠦ‌ᠭᠠᠵᠠᠷ ᠤᠨ ᠪᠠᠶᠢᠭ᠎ᠠ ᠮᠤᠵᠢ ᠶᠢᠨ ᠣᠷᠣᠯᠠᠭᠴᠢ ᠪᠠᠩᠬᠢ ᠳᠤ ᠬᠦᠷᠴᠦ ᠪᠦᠬᠦ ᠤᠯᠤᠰ ᠤᠨ ᠳᠤᠷ᠎ᠠ ᠶᠢᠨ ᠡᠵᠡᠩᠨᠡᠯᠲᠡ ᠶᠢᠨ  ᠴᠡᠭ ᠲᠤ᠋‌‍ᠲ᠋ᠣᠷᠭᠠᠭᠤᠯᠢ ᠶᠢᠨ ᠮᠦᠩᠭᠦ ᠪᠠᠨ ᠲᠤᠰᠢᠶᠠᠵᠤ ᠪᠣᠯᠤᠨ᠎ᠠ᠃            ︵2︶ ᠭᠠᠷ ᠤᠲᠠᠰᠤᠨ ᠤ ᠪᠠᠩᠬᠢ ᠵᠡᠷᠭᠡ ᠬᠡᠯᠪᠡᠷᠢ ᠪᠠᠷ ᠲᠤᠰᠢᠶᠠᠬᠤ᠄ ᠵᠣᠭᠤᠰ ᠲᠤᠰᠢᠶᠠᠭᠴᠢ ᠦᠪᠡᠷ ᠵᠶ᠋ᠠᠨ‌‍ᠺᠣᠮᠫᠢᠦ᠋ᠲ᠋ᠧᠷ᠂ ᠭᠠᠷ ᠤᠲᠠᠰᠤ᠂ ᠪᠠᠩᠬᠢ ᠶᠢᠨ ᠦᠶ᠋ᠯᠡᠴᠢᠯᠡᠬᠦ ᠦᠵᠦᠭᠦᠷᠯᠢᠭ ᠵᠡᠷᠭᠡ ᠶᠢ ᠬᠡᠷᠡᠭᠯᠡᠵᠦ ᠲᠤᠷᠭᠠᠭᠤᠯᠢ ᠶᠢᠨ ᠮᠦᠩᠭᠦ ᠪᠠᠨ‌‍ᠲ᠋ᠤᠰᠢᠶᠠᠵᠤ ᠪᠤᠯᠤᠨ᠎ᠠ᠃            3. ᠡᠵᠡᠩᠨᠡᠯᠲᠡ ᠶᠢᠨ ᠴᠡᠭ ᠲᠤ ᠲᠤᠰᠢᠶᠠᠬᠤ ᠳᠤ ᠡᠷᠬᠡᠪᠰᠢ ᠥᠪᠡᠷ ᠢᠶᠠᠨ ᠬᠦᠷᠴᠤ ᠰᠢᠶ᠋ᠳᠪᠦᠷᠢᠯᠡᠬᠦ ᠬᠡᠷᠡᠭᠲᠡᠶ ᠤᠤ︖            ᠳᠤᠰ ᠬᠦᠮᠦᠨ ᠨᠢ ᠵᠠᠪᠠᠯ ᠤᠴᠢᠬᠰᠠᠨ ᠤ ᠴᠢᠬᠤᠯᠠ ᠦᠬᠡᠢ᠃ ︽ᠮᠣᠵᠢ ᠠᠯᠤᠰᠯᠠᠨ  ᠣᠨᠳᠣᠤ ᠭᠠᠵᠠᠷ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠤᠬᠠᠢ ᠶᠢᠨ ᠲᠠᠯᠠᠪᠤᠷ ᠤᠨ  ᠪᠤᠰᠤ ᠲᠣᠷᠭᠠᠭᠤᠯᠢ ᠶᠢᠨ ᠮᠦᠩᠭᠦ ᠲᠤᠰᠢᠶᠠᠬᠤ︾ᠪᠠᠶᠢᠳᠠᠯ ᠳᠤ ᠨᠡᠶᠢᠴᠡᠪᠠᠯ᠂ ᠮᠠᠰᠢᠨ ᠲᠡᠷᠭᠡᠨ ᠤ ᠵᠢᠯᠣᠭᠤᠴᠢ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ᠨᠢ ᠴᠥᠮ ᠲᠤᠰᠢᠶᠠᠵᠤ‌‍ᠪᠣᠯᠤᠨ᠎ᠠ᠃            4. ᠢᠯᠡᠭᠦᠤ ᠲᠤᠰᠢᠶᠠᠭᠰᠠᠨ᠂ ᠪᠤᠷᠤᠭᠤ ᠲᠤᠰᠢᠶᠠᠭᠰᠠᠨ ᠪᠠᠶᠢᠪᠠᠯ ᠶᠠᠭᠠᠬᠢᠬᠤ ᠪᠣᠶ︖            ᠮᠡᠳᠡᠭᠳᠡᠯ ᠳᠤ ᠢᠯᠡᠷᠬᠡᠶᠢᠯᠡᠭᠰᠡᠨ ᠢᠶᠠᠷ᠂ ᠵᠠᠰᠠᠭ ᠵᠠᠬᠢᠷᠭᠠᠨ ᠤ ᠰᠢᠶ᠋ᠳᠬᠡᠯ ᠢ ᠨᠢ ᠬᠦᠴᠦᠨ ᠥᠬᠡᠶ ᠪᠣᠯᠭᠠᠭᠰᠠᠨ᠂ᠬᠤᠪᠢᠷᠠᠭᠤᠯᠤᠭᠰᠠᠨ ᠪᠤᠶᠤ ᠵᠣᠭᠤᠰ ᠲᠤᠰᠢᠶᠠᠭᠴᠢ ᠶᠢᠨ  ᠠᠯᠳᠠᠭ᠎ᠠ ᠠᠴᠠ ᠪᠣᠯᠵᠣ ᠢᠯᠡᠭᠦᠤ ᠲᠤᠰᠢᠶᠠᠭᠰᠠᠨ᠂ ᠳᠠᠪᠲᠠᠨ‌‍ᠲ᠋ᠤᠰᠢᠶᠠᠭᠰᠠᠨ᠂ ᠪᠤᠷᠤᠭᠤ ᠲᠤᠰᠢᠶᠠᠭᠰᠠᠨ ᠵᠡᠷᠭᠡ ᠪᠠᠶᠢᠳᠠᠯ ᠭᠠᠷᠴᠤ᠂ ᠲᠣᠭᠲᠠᠭᠠᠯ ᠶᠣᠰᠣᠭᠠᠷ ᠪᠤᠴᠠᠭᠠᠵᠤ ᠠᠪᠤᠶ᠎ᠠ ᠭᠡᠪᠡᠯ ᠵᠣᠭᠤᠰ‌‍ᠲ᠋ᠤᠰᠢᠶᠠᠭᠴᠢ ᠠᠴᠠ ᠰᠢᠶ᠋ᠳᠪᠦᠷᠢᠯᠡᠭᠰᠡᠨ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠬᠢᠵᠦ᠂ ᠲᠣᠭᠲᠠᠭᠠᠯ ᠶᠣᠰᠣᠭᠠᠷ ᠪᠤᠴᠠᠭᠠᠨ ᠠᠪᠴᠤ ᠪᠤᠯᠤᠨ᠎ᠠ᠃  
 
ᠢᠷᠡᠯᠲᠡ᠄ ᠬᠣᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号