ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ 2020 ᠣᠨ ᠤ 11 ᠳ᠋ᠣᠭᠡᠷ ᠣᠳᠠᠭᠠᠨ ᠤ ︵ᠦᠷᠭᠡᠳᠭᠡᠭᠰᠡᠨ︶ ᠰᠣᠷᠣᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/10/20
     10 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ 2020 ᠣᠨ ᠤ 11 ᠳ᠋ᠣᠭᠡᠷ ᠣᠳᠠᠭᠠᠨ ᠤ ︵ᠦᠷᠭᠡᠳᠭᠡᠭᠰᠡᠨ︶ ᠰᠣᠷᠣᠯᠴᠠᠯᠭ᠎ᠠ ᠶᠢᠨ ᠬᠤᠷᠠᠯ ᠬᠤᠷᠠᠯᠳᠣᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ ᠢᠷᠭᠡᠨ ᠤ ᠬᠠᠤᠯᠢ ᠶᠢᠨ ᠲᠠᠰᠤᠭ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠬᠤ ᠲᠤᠰᠬᠠᠢ ᠠᠩᠬᠢ ᠶᠢᠨ ᠪᠦᠷᠢᠯᠳᠦᠬᠦᠨ ᠳ᠋ᠤᠸᠠᠨ ᠵᠢᠩ ᠯᠢᠶᠠᠨ ᠢ ᠤᠷᠢᠵᠤ ᠢᠷᠭᠡᠨ ᠤ ᠬᠠᠤᠯᠢ ᠶᠢᠨ ᠪᠢᠴᠢᠭ ᠤᠨ ᠲᠤᠰᠬᠠᠢ ᠰᠡᠳᠦᠪᠲᠦ ᠰᠣᠷᠣᠯᠴᠠᠯᠭ᠎ᠠ ᠶᠢᠨ ᠲᠠᠶᠢᠯᠤᠮᠵᠢ ᠬᠢᠯᠭᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠭᠦᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠬᠤᠳᠠ ᠳᠤ ᠪᠠᠶᠢᠭ᠎ᠠ ᠣᠳᠣᠷᠢᠳᠣᠯᠭ᠎ᠠ ᠬᠤᠷᠠᠯ ᠳᠤ ᠣᠷᠣᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠿᠦᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃      ᠢᠷᠭᠡᠨ ᠤ ᠬᠠᠤᠯᠢ ᠶᠢᠨ ᠪᠢᠴᠢᠭ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠠᠭᠴᠢ ︽ᠬᠠᠤᠯᠢ ᠶᠢᠨ ᠪᠢᠴᠢᠭ︾ ᠢᠶᠠᠷ ᠨᠡᠷᠡᠶᠢᠳᠦᠭᠰᠡᠨ ᠬᠠᠤᠯᠢ ᠴᠠᠭᠠᠵᠠ ᠪᠣᠯᠤᠨ᠎ᠠ᠃ ︽ᠨᠡᠶᠢᠭᠡᠮ ᠤᠨ ᠠᠮᠢᠳᠤᠷᠠᠯ ᠤᠨ ᠨᠡᠪᠲᠡᠷᠬᠡᠶ ᠲᠣᠯᠢ︾ ᠭᠡᠭᠳᠡᠳᠡᠭ᠃ ᠬᠤᠷᠠᠯ ᠳᠡᠭᠡᠷ᠎ᠡ᠂ ᠳ᠋ᠤᠸᠠᠨ ᠵᠢᠩ ᠯᠢᠶᠠᠨ ︽ᠢᠷᠭᠡᠨ ᠤ ᠬᠠᠤᠯᠢ  ᠶᠢᠨ ᠪᠢᠴᠢᠭ ᠢ ᠨᠡᠶᠢᠲᠡᠯᠡᠨ ᠬᠡᠷᠡᠭᠵᠢᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠨᠡᠩ ᠰᠠᠶᠢᠨ ᠪᠠᠲᠤᠯᠠᠬᠤ ᠬᠡᠷᠡᠭᠲᠡᠶ︾ ᠭᠡᠬᠦ ᠰᠡᠳᠦᠪ ᠢᠶᠠᠷ ᠰᠡᠳᠦᠪᠯᠡᠵᠦ᠂ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠂ ᠨᠠᠶᠢᠷᠠᠭᠤᠯᠤᠨ ᠪᠢᠴᠢᠭᠰᠡᠨ ᠦᠨᠳᠦᠰᠦᠨ ᠪᠠᠶᠢᠳᠠᠯ ᠵᠢᠴᠢ ᠭᠤᠤᠯ ᠠᠭᠤᠯᠭ᠎ᠠ ᠬᠢᠭᠡᠳ ᠲᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠶ᠃ ᠲᠠᠶᠢᠯᠤᠮᠵᠢ ᠶᠢᠨ ᠣᠨᠣᠯ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠭᠤᠤᠯ ᠰᠡᠳᠦᠪ ᠨᠢ ᠢᠯᠡ ᠲᠣᠳᠣ᠂ ᠭᠤᠤᠯᠳᠠᠯᠭ᠎ᠠ ᠨᠢ ᠲᠤᠪᠤᠶᠢᠮ᠎ᠠ᠂ ᠰᠤᠳᠠᠰᠤ ᠨᠢ ᠲᠣᠳᠣᠷᠬᠠᠶ᠂ ᠱᠠᠳᠤ ᠳᠠᠪᠬᠤᠷᠭ᠎ᠠ ᠨᠢ ᠲᠣᠳᠣᠷᠬᠠᠶ ᠪᠠᠶᠢᠵᠤ᠂ ᠮᠠᠰᠢ ᠴᠢᠩᠭ᠎ᠠ ᠤᠨᠤᠯ ᠤᠨ ᠴᠢᠨᠠᠷ᠂ ᠦᠵᠡᠯ ᠰᠠᠨᠠᠭᠠᠴᠢ ᠴᠢᠨᠠᠷ᠂ ᠦᠢᠯᠡᠳᠦᠯᠭᠡ ᠶᠢᠨ ᠴᠢᠨᠠᠷ ᠲᠠᠢ ᠪᠤᠯᠵᠠᠢ᠃ ᠢᠷᠭᠡᠨ ᠤ ᠬᠠᠤᠯᠢ ᠶᠢᠨ ᠪᠢᠴᠢᠭ ᠤᠨ ᠭᠤᠤᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠥᠲᠥᠭᠡᠨ ᠪᠠᠶᠢᠭᠤᠯᠬᠤ ᠵᠢᠴᠢ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠬᠤ᠂ ᠤᠬᠠᠭᠤᠯᠬᠤ ᠪᠠ ᠬᠡᠷᠡᠭᠯᠡᠬᠦ ᠶᠢ ᠤᠯᠠᠮ ᠨᠢᠭᠡ ᠠᠯᠬᠤᠮ ᠥᠷᠨᠢᠭᠦᠯᠬᠦ ᠳᠤ ᠴᠢᠬᠤᠯᠠ ᠲᠣᠯᠢᠯᠠᠬᠤ ᠪᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠳ᠋ᠣᠸᠠᠨ ᠵᠢᠩ ᠯᠢᠶᠠᠨ ᠤᠷᠲᠤ ᠬᠤᠭᠤᠴᠠᠭ᠎ᠠ ᠪᠠᠷ ᠬᠠᠤᠯᠢ ᠲᠣᠭᠲᠠᠭᠠᠬᠤ ᠠᠵᠢᠯ ᠳᠤ ᠣᠷᠣᠯᠴᠠᠵᠤ᠂ ᠪᠣᠳᠠᠰ ᠤᠨ ᠡᠷᠬᠡ ᠶᠢᠨ ᠬᠠᠤᠯᠢ᠂ ᠤᠷᠤᠭ ᠤᠨ ᠬᠠᠤᠯᠢ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ᠂ ᠢᠷᠭᠡᠨ ᠤ ᠵᠠᠷᠭᠤ ᠶᠢᠨ ᠬᠠᠤᠯᠢ ᠬᠢᠭᠡᠳ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠵᠡᠷᠭᠡ ᠡᠳᠦᠢ ᠲᠡᠲᠤᠢ ᠴᠢᠬᠤᠯᠠ ᠬᠠᠤᠯᠢ ᠴᠠᠭᠠᠵᠠ ᠶᠢ ᠰᠤᠳᠤᠯᠬᠤ᠂ ᠲᠤᠭᠤᠷᠪᠢᠨ ᠪᠢᠴᠢᠬᠦ᠂ ᠲᠣᠭᠲᠠᠭᠠᠬᠤ ᠠᠵᠢᠯ ᠳᠤ ᠤᠷᠢᠳ ᠬᠤᠵᠢᠳ ᠣᠷᠣᠯᠴᠠᠵᠤ᠂ ᠤᠯᠤᠰ ᠤᠨ ᠳᠣᠲᠣᠭᠠᠳᠤ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ ᠶᠢᠨ ᠠᠰᠠᠭᠤᠳᠠᠯ ᠢ ᠰᠣᠳᠣᠯᠬᠤ ᠨᠡᠷ᠎ᠡ ᠬᠦᠨᠳᠦᠲᠦ ᠲᠤᠰᠬᠠᠶ ᠮᠡᠷᠭᠡᠵᠢᠯᠲᠡᠨ ᠮᠥᠨ᠃ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠭᠰᠡᠨ ᠤ ᠳᠠᠷᠠᠭ᠎ᠠ᠂ ᠲᠡᠷᠡ ᠨᠢᠭᠡᠨᠲᠡ ᠲᠥᠪᠡᠳ᠂ ᠭᠤᠸᠠᠩᠰᠢ᠂ ᠣᠯᠣᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠬᠤᠲᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠳᠤᠮᠳᠠᠳᠤ ᠤᠯᠤᠰ ᠤᠨ ᠴᠢᠯᠠᠭᠤᠨ ᠲᠣᠰᠣ ᠵᠡᠷᠭᠡ ᠭᠠᠵᠠᠷ ᠲᠤ ᠣᠯᠠᠨ ᠤᠳᠠᠭ᠎ᠠ ᠤᠬᠠᠭᠤᠯᠤᠨ ᠲᠠᠶᠢᠯᠪᠤᠷᠢᠯᠠᠬᠤ ᠲᠠᠶᠢᠯᠤᠮᠵᠢ ᠬᠢᠵᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠬᠤ᠂ ᠵᠢᠷᠤᠮᠯᠠᠬᠤ᠂ ᠬᠠᠮᠠᠭᠠᠯᠠᠬᠤ ᠦᠯᠢᠭᠡᠷ ᠳᠠᠭᠤᠷᠢᠶᠠᠯ ᠪᠣᠯᠵᠤ᠂ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠭᠢᠴᠡ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢ ᠰᠢᠢᠳᠪᠦᠷᠢᠯᠡᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠴᠢᠬᠤᠯᠠ ᠶᠡᠭᠡ ᠥᠭᠡᠷᠡᠴᠢᠯᠡᠯᠲᠡ ᠨᠢ ᠬᠠᠤᠯᠢ ᠶᠢᠨ ᠦᠨᠳᠦᠰᠦᠯᠡᠯ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠢᠷᠭᠡᠨ ᠤ ᠬᠠᠤᠯᠢ ᠶᠢᠨ ᠪᠢᠴᠢᠭ ᠢ ᠬᠡᠷᠡᠭᠯᠡᠨ ᠠᠷᠠᠳ ᠤᠯᠠᠨ ᠤ ᠡᠷᠬᠡ ᠠᠰᠢᠭ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠳᠡᠢ᠃ ᠡᠯ᠎ᠡ ᠱᠠᠲᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠢᠶᠠᠨ ᠥᠷᠨᠢᠭᠦᠯᠬᠦ ᠳᠡᠭᠡᠨ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠢ ᠭᠦᠢᠴᠡᠳ ᠪᠣᠳᠣᠯᠬᠢᠯᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠬᠦᠯᠵᠦ᠂ ᠠᠷᠠᠳ ᠣᠯᠠᠨ ᠤ ᠡᠳ᠋ᠯᠡᠬᠦ ᠬᠠᠤᠯᠢ ᠶᠣᠰᠣᠨ ᠤ ᠢᠷᠭᠡᠨ ᠤ ᠬᠡᠷᠡᠭ ᠤᠨ ᠡᠷᠬᠡ ᠳᠤ ᠬᠠᠯᠳᠠᠵᠤ ᠪᠣᠯᠬᠤ ᠦᠭᠡᠢ᠂ ᠮᠠᠨ ᠤ ᠬᠤᠲᠠ ᠶᠢᠨ ᠬᠠᠤᠯᠢ ᠶᠣᠰᠣᠭᠠᠷ ᠬᠤᠲᠠ ᠪᠠᠨ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠢᠷᠭᠡᠨ ᠤ ᠬᠠᠤᠯᠢ ᠶᠢᠨ ᠪᠢᠴᠢᠭ ᠢ ᠪᠦᠬᠦ ᠲᠠᠯ᠎ᠠ ᠪᠠᠷ ᠪᠦᠲᠦᠮᠵᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠶᠡᠷᠦᠩᠬᠡᠶ ᠱᠦᠵᠢ ᠰᠢ ᠶᠢᠨ ᠫᠢᠩ ᠤᠨ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠨ ᠲᠤᠤᠱᠯᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠢᠷᠭᠡᠨ ᠤ ᠬᠠᠤᠯᠢ ᠶᠢᠨ ᠪᠢᠴᠢᠭ ᠢ ᠤᠬᠠᠭᠤᠯᠤᠨ ᠲᠤᠤᠱᠯᠠᠭᠤᠯᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠡᠶᠢᠭᠡᠮ ᠳᠠᠶᠠᠭᠠᠷ ᠲᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号