ᠴᠢᠳᠠᠪᠤᠷᠢ ᠪᠠᠨ ᠠᠯᠳᠠᠭᠰᠠᠨ 110 ᠨᠠᠰᠤᠲᠠᠨ ᠵᠠᠰᠠᠭ ᠤᠨ ᠣᠷᠳᠣᠨ ᠤ ᠬᠤᠳᠠᠯᠳᠣᠨ ᠠᠪᠤᠭᠰᠠᠨ ᠰᠤᠪᠢᠯᠠᠯᠲᠠ ᠶᠢᠨ ᠦᠢᠯᠡᠴᠢᠯᠡᠭᠡ ᠶᠢ ᠡᠳ᠋ᠯᠡᠵᠦ ᠪᠣᠯᠤᠨ᠎ᠠ
ᠨᠡᠶᠢᠲᠡᠯᠡᠭᠰᠡᠨ ᠴᠠᠭ᠄
2020/10/21
     ᠴᠢᠳᠠᠪᠤᠷᠢ ᠪᠠᠨ ᠠᠯᠳᠠᠭᠰᠠᠨ ᠨᠠᠰᠤᠲᠠᠨ ᠢ ᠭᠦᠢᠴᠡᠳ ᠬᠠᠯᠠᠮᠵᠢᠯᠠᠬᠤ ᠶᠢᠨ ᠲᠥᠯᠥᠭᠡ᠂ 10 ᠰᠠᠷ᠎ᠠ ᠶᠢᠨ 16 ᠤ ᠡᠳᠦᠷ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠠᠰᠠᠭ ᠤᠨ ᠣᠷᠳᠣᠨ ᠤ ᠬᠤᠳᠠᠯᠳᠣᠨ ᠠᠪᠤᠭᠰᠠᠨ ᠦᠢᠯᠡᠴᠢᠯᠡᠭᠡ ᠶᠢᠨ ᠬᠡᠯᠪᠡᠷᠢ ᠪᠠᠷ ᠳᠠᠮᠵᠢᠭᠤᠯᠤᠨ᠂ ᠰᠢᠶᠦ᠋ᠨ ᠵᠢᠶᠧ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠦᠪ ᠲᠤ ᠲᠦᠰᠢᠭᠯᠡᠨ ᠴᠢᠳᠠᠪᠤᠷᠢ ᠪᠠᠨ ᠠᠯᠳᠠᠭᠰᠠᠨ ᠨᠠᠰᠤᠲᠠᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠦᠷᠦᠯ ᠵᠦᠢᠯ ᠢ ᠡᠬᠢᠯᠡᠭᠦᠯᠵᠦ᠂ ᠴᠢᠳᠠᠪᠤᠷᠢ ᠪᠠᠨ ᠠᠯᠳᠠᠭᠰᠠᠨ 110 ᠨᠠᠰᠤᠲᠠᠨ ᠳᠤ ᠡᠷᠡᠭᠦᠯᠵᠢᠭᠦᠯᠬᠦ ᠰᠤᠪᠢᠯᠠᠯᠲᠠ ᠵᠢᠴᠢ ᠴᠡᠪᠡᠷᠯᠡᠭᠡ  ᠤᠬᠢᠶᠠᠯᠭ᠎ᠠ ᠶᠢᠨ ᠲᠤᠰᠠᠯᠠᠬᠤ ᠦᠢᠯᠡᠴᠢᠯᠡᠭᠡ ᠬᠠᠩᠭᠠᠬᠤ ᠪᠣᠯᠤᠨ᠎ᠠ᠃      ᠦᠢᠯᠡᠴᠢᠯᠡᠭᠡᠨ ᠤ ᠬᠤᠭᠤᠴᠠᠭᠠᠨ ᠳᠤ᠂ ᠦᠢᠯᠡᠴᠢᠯᠡᠭᠴᠢ ᠠᠴᠠ ᠴᠢᠳᠠᠪᠤᠷᠢ ᠪᠠᠨ ᠠᠯᠳᠠᠭᠰᠠᠨ ᠨᠠᠰᠤᠲᠠᠨ ᠳᠤ ᠰᠠᠷ᠎ᠠ ᠪᠦᠷᠢ ᠨᠢᠭᠡ ᠤᠳᠠᠭ᠎ᠠ ᠦᠢᠯᠡᠴᠢᠯᠡᠵᠦ᠂ ᠨᠡᠶᠢᠲᠡ 6 ᠤᠳᠠᠭ᠎ᠠ ᠦᠢᠯᠡᠴᠢᠯᠡᠨ᠎ᠡ᠃ ᠦᠢᠯᠡᠴᠢᠯᠡᠭᠡᠨ ᠤ ᠠᠭᠤᠯᠭ᠎ᠠ ᠳᠤ ᠶᠠᠷ᠎ᠠ ᠳᠠᠷᠤᠵᠤ ᠰᠤᠪᠢᠯᠠᠬᠤ᠂ ᠴᠠᠷ ᠭᠠᠷᠭᠠᠵᠤ ᠰᠤᠪᠢᠯᠠᠬᠤ᠂ ᠣᠷᠣ ᠳᠡᠭᠡᠷ᠎ᠡ ᠣᠬᠢᠶᠠᠬᠤ᠂ ᠲᠣᠯᠣᠭᠠᠢ ᠤᠬᠢᠶᠠᠵᠤ ᠦᠰᠦ ᠵᠠᠰᠠᠬᠤ᠂ ᠰᠡᠳᠬᠢᠴᠡ ᠶᠢᠨ ᠲᠠᠶᠢᠳᠬᠤᠷᠠᠭᠤᠯᠤᠯ ᠬᠢᠬᠦ ᠵᠡᠷᠭᠡ ᠪᠠᠭᠲᠠᠨ᠎ᠠ᠃ ᠵᠢᠯᠣᠭᠤᠳᠬᠤ ᠪᠠ ᠬᠢᠨᠠᠯᠲᠠ ᠲᠠᠯᠪᠢᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠦᠢᠯᠡᠴᠢᠯᠡᠬᠦ ᠪᠥᠬᠦ ᠶᠠᠪᠤᠴᠠ ᠶᠢ ᠰᠡᠭᠦᠳᠡᠷᠯᠡᠬᠦ ᠶᠢᠨ ᠬᠠᠮᠲᠤ 12349 ᠲᠠᠪᠴᠠᠩ ᠳᠤ ᠭᠠᠷᠭᠠᠬᠤ ᠪᠣᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号