︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ · ᠦᠬᠠᠢ ᠬᠤᠳᠠ ᠶᠢᠨ ᠬᠠᠳᠤᠨ ᠭᠤᠣᠯ ᠤᠨ ᠰᠣᠶᠣᠯ ᠤᠨ ᠬᠠᠮᠠᠭᠠᠯᠠᠯᠳᠠ ᠪᠠ ᠣᠯᠠᠮᠵᠢᠯᠠᠯ ᠵᠠᠯᠭᠠᠮᠵᠢᠯᠠᠯ︾  ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/10/21
     ᠶᠡᠷᠦᠩᠬᠡᠶ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠣᠶᠣᠯ ᠤᠨ ᠥᠪ ᠢ ᠬᠠᠮᠠᠭᠠᠯᠠᠬᠤ ᠪᠠ ᠲᠡᠤᠬᠡ ᠶᠢᠨ ᠲᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠠᠵᠢᠯ ᠢ ᠴᠢᠩᠭᠠᠳᠬᠠᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠮᠠᠨ ᠤ ᠬᠤᠲᠠ ᠶᠢᠨ ᠲᠡᠦᠬᠡ ᠰᠣᠶᠣᠯ ᠤᠨ ᠥᠪ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 19 ᠤ ᠡᠳᠦᠷ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ · ᠦᠬᠠᠢ ᠬᠤᠳᠠ ᠶᠢᠨ ᠬᠠᠳᠤᠨ ᠭᠤᠣᠯ ᠤᠨ ᠰᠣᠶᠣᠯ ᠤᠨ ᠬᠠᠮᠠᠭᠠᠯᠠᠯᠳᠠ ᠪᠠ ᠣᠯᠠᠮᠵᠢᠯᠠᠯ ᠵᠠᠯᠭᠠᠮᠵᠢᠯᠠᠯ︾ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠣᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠳᠣᠲᠣᠭᠠᠳᠤ ᠶᠢᠨ 14 ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠤᠨ ᠶᠡᠭᠡ ᠳᠡᠭᠡᠳᠦ ᠰᠣᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠦᠬᠠᠢ ᠣᠷᠣᠨ ᠤ ᠬᠠᠳᠤᠨ ᠭᠤᠣᠯ ᠤᠨ ᠰᠣᠶᠣᠯ ᠤᠨ ᠪᠠᠶᠢᠷᠢ ᠲᠤᠭᠳᠠᠭᠠᠯᠳᠠ ᠶᠢᠨ ᠰᠤᠳᠤᠯᠤᠯ᠂ ᠴᠢᠨ ᠬᠠᠨ ᠤᠯᠤᠰ ᠤᠨ ᠤᠷᠳᠤ ᠴᠠᠭᠠᠨ ᠬᠡᠷᠡᠮ ᠤᠨ ᠬᠠᠭᠤᠴᠢ ᠰᠤᠳᠤᠯᠤᠯ᠂ ᠡᠷᠲᠡᠨ ᠤ ᠦᠨᠳᠦᠰᠦᠳᠡᠨ ᠤ ᠬᠤᠪᠢᠷᠠᠯᠲᠠ ᠶᠢᠨ ᠰᠤᠳᠤᠯᠤᠯ᠂ ᠣᠷᠴᠢᠨ ᠤᠳᠤ ᠦᠶ᠎ᠡ ᠶᠢᠨ ᠲᠡᠦᠬᠡ ᠶᠢᠨ ᠰᠤᠳᠤᠯᠤᠯ ᠵᠡᠷᠭᠡ ᠠᠭᠤᠯᠭ᠎ᠠ ᠶᠢᠨ ᠲᠤᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠮᠠᠨ ᠤ ᠬᠤᠳᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠲᠡᠦᠬᠡ ᠰᠣᠶᠣᠯ ᠤᠨ ᠥᠪ ᠢ ᠬᠠᠮᠠᠭᠠᠯᠠᠬᠤ᠂ ᠰᠤᠳᠤᠯᠬᠤ᠂ ᠤᠬᠠᠭᠤᠯᠬᠤ᠂ ᠠᠰᠢᠭᠯᠠᠬᠤ ᠶᠡᠭᠡ ᠪᠤᠳᠤᠯᠭ᠎ᠠ ᠶᠢ ᠬᠠᠮᠲᠤ ᠪᠠᠷ ᠵᠦᠪᠳᠡᠯᠴᠡᠪᠡ᠃      ᠬᠤᠷᠠᠯ ᠤᠨ ᠵᠣᠷᠢᠯᠭ᠎ᠠ ᠨᠢ ᠮᠠᠨ ᠤ ᠬᠤᠲᠠ ᠶᠢᠨ ᠲᠡᠦᠬᠡ ᠰᠣᠶᠣᠯ ᠤᠨ ᠥᠪ ᠢ ᠬᠠᠮᠠᠭᠠᠯᠠᠬᠤ ᠰᠤᠳᠤᠯᠭᠠᠨ ᠢ ᠪᠠᠲᠤᠯᠠᠵᠤ᠂ ᠮᠠᠨ ᠤ ᠬᠤᠲᠠ ᠶᠢᠨ ᠲᠡᠦᠬᠡ ᠰᠣᠶᠣᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠤᠨ ᠡᠮᠬᠢᠳᠬᠡᠵᠦ᠂ ᠦᠬᠠᠶ ᠣᠷᠣᠨ ᠢ ᠬᠠᠪᠰᠤᠷᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠥᠪ ᠬᠥᠷᠥᠩᠭᠡ ᠶᠢ ᠬᠠᠮᠠᠭᠠᠯᠠᠬᠤ ᠢᠨᠵᠧᠨᠧᠷᠢᠩ ᠤᠨ ᠲᠥᠯᠥᠪᠵᠢᠭᠦᠯᠭᠡ︾ ᠶᠢ ᠲᠣᠭᠲᠠᠭᠠᠵᠤ᠂ ᠣᠷᠠᠨᠳᠦ᠋ᠰᠢ ᠠᠭᠤᠯᠠᠨ ᠤ ᠬᠠᠳᠠᠨ ᠵᠢᠷᠤᠭ᠂ ᠴᠢᠨ ᠬᠠᠨ ᠤᠯᠤᠰ ᠵᠢᠴᠢ ᠮᠢᠩ ᠤᠯᠤᠰ ᠤᠨ ᠤᠷᠲᠤ ᠴᠠᠭᠠᠨ ᠬᠡᠷᠡᠮ᠂ ᠰᠢᠨ ᠳ᠋ᠢ ᠶᠢᠨ ᠡᠷᠲᠡᠨ ᠤ ᠬᠤᠲᠠ᠂ ᠷᠠᠰᠠᠩ ᠰᠦᠮ᠎ᠡ ᠶᠢᠨ ᠡᠷᠲᠡᠨ ᠤ ᠪᠠᠷᠢᠯᠭ᠎ᠠ᠂ ᠣᠷᠴᠢᠨ ᠣᠳᠣ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯ ᠵᠡᠷᠭᠡ ᠴᠢᠬᠤᠯᠠ ᠰᠣᠶᠣᠯ ᠤᠨ ᠥᠪ ᠢ ᠬᠠᠮᠠᠭᠠᠯᠠᠬᠤ᠂ ᠤᠬᠠᠭᠤᠯᠬᠤ᠂ ᠠᠰᠢᠭᠯᠠᠬᠤ ᠠᠵᠢᠯ ᠢ ᠲᠥᠯᠥᠪᠯᠡᠭᠡ ᠲᠠᠢ ᠪᠠᠷ ᠲᠦᠯᠬᠢᠨ ᠠᠬᠢᠭᠤᠯᠵᠤ᠂ ᠲᠡᠷᠡᠴᠢᠯᠡᠨ ︽ᠢᠨᠲ᠋ᠧᠷ ᠰᠦᠯᠵᠢᠶ᠎ᠡ + ᠳᠤᠮᠳᠠᠳᠤ ᠶᠢᠨ ᠪᠣᠯᠪᠠᠰᠤᠨ︾ ᠤ ᠠᠵᠢᠯᠯᠠᠭᠠᠨ ᠤ ᠲᠥᠯᠥᠪᠯᠡᠭᠡ ᠳᠤ ᠲᠦᠰᠢᠭᠯᠡᠨ᠂ ᠤᠯᠤᠰ ᠤᠨ ᠳᠣᠲᠣᠭᠠᠳᠤ ᠭᠠᠳᠠᠭᠠᠳᠤ ᠳᠤ ᠥᠨᠢ ᠤᠳᠠᠭᠠᠨ ᠲᠡᠤᠬᠡ ᠲᠠᠢ᠂ ᠳᠥᠷᠪᠡᠨ ᠵᠦᠭ ᠲᠤ ᠠᠭᠤᠰᠤᠯᠴᠠᠭᠰᠠᠨ᠂ ᠥᠪᠡᠷᠮᠢᠴᠡ ᠣᠨᠴᠠᠯᠢᠭ ᠲᠠᠢ ᠦᠬᠠᠶ ᠶᠢᠨ ᠰᠣᠶᠣᠯ ᠢ ᠣᠬᠠᠭᠤᠯᠬᠤ ᠪᠤᠯᠤᠨ᠎ᠠ᠃      ᠳᠠᠷᠠᠭ᠎ᠠ ᠠᠯᠬᠤᠮ ᠳᠤ᠂ ᠮᠠᠨ ᠤ ᠬᠤᠲᠠ ᠣᠷᠣᠨ ᠤ ᠳᠣᠲᠣᠭᠠᠳᠤ ᠭᠠᠳᠠᠭᠠᠳᠤ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠶ  ᠮᠡᠷᠭᠡᠵᠢᠯᠳᠡᠨ ᠡᠷᠳᠡᠮᠲᠡᠨ ᠪᠣᠯᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠨᠢᠭᠡᠴᠡ ᠲᠠᠢ ᠢᠳᠡᠪᠬᠢᠲᠡᠶ ᠬᠠᠮᠲᠤᠷᠠᠵᠣ᠂ ᠲᠤᠰ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠭᠰᠠᠨ ᠦᠷ᠎ᠡ ᠪᠦᠲᠦᠭᠡᠯ ᠲᠠᠢ ᠣᠶᠠᠯᠳᠣᠭᠤᠯᠵᠣ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠰᠤᠳᠤᠯᠬᠤ᠂ ᠬᠠᠮᠠᠭᠠᠯᠠᠬᠤ᠂ ᠤᠬᠠᠭᠤᠯᠬᠤ ᠴᠢᠬᠤᠯᠠ ᠥᠭᠦᠯᠡᠯ ᠢ ᠪᠢᠴᠢᠬᠦ ᠶᠢᠨ ᠬᠠᠮᠲᠤ ᠥᠭᠦᠯᠡᠯ ᠤᠨ ᠮᠡᠳᠡᠭᠦᠯᠦᠯᠲᠡ ᠶᠢᠨ ᠡᠮᠬᠢᠳᠬᠡᠯ ᠢ ᠬᠡᠪᠯᠡᠵᠦ᠂ ᠦᠬᠠᠶ ᠣᠷᠣᠨ ᠤ ᠬᠤᠶᠢᠰᠢᠳᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠤᠬᠠᠭᠤᠯᠭ᠎ᠠ ᠬᠢᠭᠡᠳ ᠲᠡᠤᠬᠡ ᠶᠢᠨ ᠳᠤᠷᠠᠰᠬᠠᠯᠲᠤ ᠵᠦᠢᠯᠡᠰ ᠤᠨ ᠵᠢᠭᠤᠯᠴᠢᠯᠠᠯ ᠤᠨ ᠦᠵᠡᠭᠦᠯᠦᠯᠭᠡ ᠶᠢᠨ ᠠᠵᠢᠯ ᠥᠷᠨᠢᠭᠦᠯᠬᠦ ᠳᠤ ᠯᠠᠪᠯᠠᠯᠲᠠ ᠬᠠᠩᠭᠠᠬᠤ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号