ᠳᠤᠮᠳᠠᠳᠤ ᠤᠯᠤᠰ ᠤᠨ ᠲᠠᠷᠢᠶᠠᠨ ᠡᠮ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠴᠣᠭᠴᠠ ᠶᠢᠨ ᠣᠶᠤᠨᠴᠢ ᠦᠢᠯᠡᠳᠪᠦᠷᠢᠯᠡᠯ ᠤᠨ ᠲᠦᠷᠦᠭᠦᠴᠦᠳ ᠤᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/10/21
     10 ᠰᠠᠷ᠎ᠠ ᠶᠢᠨ 20 ᠤ ᠡᠳᠦᠷ᠂ 2020 ᠣᠨ ᠤ ᠳᠤᠮᠳᠠᠳᠤ ᠤᠯᠤᠰ ᠤᠨ ᠲᠠᠷᠢᠶᠠᠨ ᠡᠮ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠴᠣᠭᠴᠠ ᠶᠢᠨ ᠣᠶᠤᠨᠴᠢ ᠦᠢᠯᠡᠳᠪᠦᠷᠢᠯᠡᠯ ᠤᠨ ᠲᠦᠷᠦᠭᠦᠴᠦᠳ ᠤᠨ ᠬᠤᠷᠠᠯ ᠮᠠᠨ ᠤ ᠬᠤᠲᠠ ᠳᠤ ᠶᠠᠪᠤᠭᠳᠠᠪᠠ᠃ ᠳᠤᠮᠳᠠᠳᠤ ᠤᠯᠤᠰ ᠤᠨ ᠲᠠᠷᠢᠶᠠᠨ ᠡᠮ ᠤᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠳᠠᠷᠤᠭ᠎ᠠ ᠰᠦᠨ ᠱᠣ᠋ ᠪᠦᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠂ ᠳᠤᠮᠳᠠᠳᠤ ᠤᠯᠤᠰ ᠤᠨ ᠡᠯᠧᠺᠲᠷᠤᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠳᠡᠳ᠋ ᠳᠠᠷᠤᠭ᠎ᠠ ᠰᠦᠩ ᠰᠢᠶᠠᠨ ᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠬᠤ᠋ ᠱᠠᠨ ᠱᠦᠨ ᠵᠡᠷᠭᠡ ᠬᠥᠮᠦᠰ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠰᠦᠨ ᠱᠣ᠋ ᠪᠦᠦ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠲᠦᠷᠦᠭᠦᠴᠦᠳ ᠤᠨ ᠬᠤᠷᠠᠯ ᠪᠤᠯ ᠲᠠᠷᠢᠶᠠᠨ ᠡᠮ ᠤᠨ ᠠᠵᠢᠯ ᠲᠥᠷᠥᠯ ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠴᠣᠭᠴᠠ ᠶᠢᠨ ᠬᠦᠷᠢᠶᠠᠨ ᠳᠤ ᠪᠠᠶᠢᠭᠤᠯᠤᠭᠰᠠᠨ ᠨᠢᠭᠡᠨ ᠲᠠᠪᠴᠠᠩ ᠪᠤᠯᠤᠨ᠎ᠠ᠂ ᠲᠡᠷᠡ  ᠨᠢ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠢᠶᠠᠷ ᠣᠨᠴᠠᠯᠢᠭ ᠪᠣᠯᠭᠠᠭᠰᠠᠨ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠠᠴᠠ ᠪᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠬᠦᠢᠴᠡᠳ ᠠᠰᠢᠭᠯᠠᠬᠤ ᠶᠢᠨ ᠲᠦᠯᠦᠭᠡ ᠶᠤᠮ᠃ ᠲᠠᠷᠢᠶᠠᠨ ᠡᠮ ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠳᠤ ᠲᠣᠬᠢᠷᠠᠬᠤ᠂ ᠪᠤᠯᠪᠠᠰᠣᠷᠠᠩᠭᠤᠢ ᠣᠶᠤᠨᠴᠢᠯᠠᠭᠰᠠᠨ ᠮᠡᠷᠭᠡᠵᠢᠯ ᠪᠠ ᠰᠢᠢᠳᠪᠦᠷᠢᠯᠡᠬᠦ ᠲᠥᠰᠦᠯ ᠢ ᠴᠤᠭᠯᠠᠭᠤᠯᠵᠤ᠂ ᠲᠠᠷᠢᠶᠠᠨ ᠡᠮ ᠤᠨ ᠠᠵᠢᠯ ᠲᠥᠷᠥᠯ ᠪᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠪᠤᠯᠤᠨ᠎ᠠ ᠬᠡᠵᠡᠢ᠃    ᠲᠠᠩ ᠢ ᠪᠠᠶᠠᠷ ᠤᠨ ᠦᠭᠡ ᠳᠡᠭᠡᠨ ᠢᠯᠡᠷᠭᠡᠶᠢᠯᠡᠭᠰᠡᠨ ᠨᠢ᠂ ᠦᠬᠠᠶ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠰᠢᠨ᠎ᠡ ᠪᠠᠷ ᠮᠠᠨᠳᠤᠭᠰᠠᠨ ᠵᠠᠯᠠᠭᠤ ᠠᠵᠤ ᠦᠢᠯᠡᠳᠪᠦᠷᠢ ᠶᠢᠨ ᠬᠤᠲᠠ᠂ ᠤᠯᠤᠰ ᠤᠨ ᠨᠡᠭᠦᠷᠡᠰᠤ ᠬᠡᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠰᠠᠭᠤᠷᠢᠨ ᠭᠠᠵᠠᠷ ᠪᠣᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠴᠤᠭᠯᠠᠷᠠᠵᠤ᠂ ᠦᠢᠯᠡᠳᠬᠦᠨ ᠤ ᠲᠥᠷᠥᠯ ᠵᠦᠢᠯ ᠣᠯᠠᠨ᠂ ᠲᠠᠷᠢᠶᠠᠨ ᠡᠮ ᠡᠮ ᠡᠮᠨᠡᠯᠭᠡ ᠶᠢᠨ ᠵᠠᠪᠰᠠᠷ ᠤᠨ ᠴᠣᠭᠴᠠ᠂ ᠰᠢᠷ ᠪᠤᠳᠤᠭ᠂ ᠨᠡᠶᠢᠯᠡᠮᠡᠯ ᠮᠠᠲ᠋ᠧᠷᠢᠶᠠᠯ ᠵᠡᠷᠭᠡ ᠪᠠᠷ ᠭᠤᠤᠯ ᠪᠣᠯᠭᠠᠭᠰᠠᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠵᠦ᠂ ᠪᠠᠷᠠᠭᠤᠨ ᠬᠤᠶᠢᠲᠤ ᠣᠷᠣᠨ ᠤ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠪᠠ᠃ ᠤᠶᠢᠷ᠎ᠠ ᠶᠢᠨ ᠵᠢᠯ ᠠᠴᠠ ᠨᠠᠰᠢ ᠦᠬᠠᠶ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠦᠬᠠᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠡᠰ ᠲᠡᠶᠢᠰᠢ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠰ ᠳᠡᠪᠰᠢᠬᠦ᠂ ᠪᠣᠬᠢᠷᠲᠤᠯ ᠦᠭᠡᠢ ᠬᠥᠭᠵᠢᠯᠲᠡ ᠶᠢ ᠬᠦᠴᠦᠲᠡᠢ ᠠᠬᠢᠭᠤᠯᠪᠠ᠃ ᠦᠬᠠᠶ ᠲᠤᠰ ᠤᠳᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢᠶᠠᠷ ᠲᠣᠬᠢᠶᠠᠯ ᠪᠣᠯᠭᠠᠨ᠂ ᠰᠣᠷᠣᠯᠴᠠᠬᠤ ᠪᠠᠷ ᠪᠠᠷᠠᠬᠤ ᠶᠢ ᠰᠢᠩᠭᠡᠭᠡᠨ ᠬᠤᠪᠢᠷᠠᠭᠤᠯᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦ ᠮᠡᠷᠭᠡᠵᠢᠯ ᠬᠢᠭᠡᠳ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠪᠠ ᠬᠤᠷᠠᠮᠠᠯ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠲᠠᠶᠢᠴᠢᠯᠠᠨ᠎ᠠ᠃ ᠡᠯ᠎ᠡ ᠲᠤᠰᠬᠠᠢ ᠮᠡᠷᠭᠡᠵᠢᠯᠲᠡᠨ ᠪᠣᠯᠤᠨ ᠵᠣᠴᠢᠳ ᠯᠤᠭ᠎ᠠ ᠶᠢᠨ ᠭᠦᠨᠵᠡᠭᠡᠢ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠠᠨ ᠤ ᠬᠤᠲᠠ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠨᠡᠩ ᠤᠯᠠᠨ ᠠᠵᠢᠯ ᠲᠦᠷᠦᠯ ᠤᠨ ᠲᠠᠭᠠᠭᠤᠯᠤᠬᠴᠢ ᠠᠵᠤ ᠠᠬᠤᠶᠢᠯᠠᠯ ᠪᠣᠯᠤᠨ ᠲᠠᠭᠠᠭᠤᠯᠤᠬᠴᠢ ᠴᠢᠳᠠᠪᠤᠷᠢᠲᠠᠨ ᠲᠦᠷᠦᠯ ᠵᠦᠢᠯ ᠢᠶᠠᠨ ᠳᠠᠭᠠᠭᠤᠯᠵᠤ᠂ ᠪᠦᠯᠬᠦᠮ ᠢᠶᠠᠨ ᠳᠠᠭᠠᠭᠤᠯᠤᠨ ᠦᠬᠠᠢ ᠳᠤ ᠬᠦᠷᠴᠦ ᠰᠢᠨᠵᠢᠯᠡᠨ ᠪᠠᠶᠢᠴᠠᠭᠠᠵᠤ ᠵᠢᠭᠠᠨ ᠵᠢᠯᠤᠭᠤᠳᠴᠦ᠂ ᠪᠡᠯᠡ ᠣᠷᠣᠭᠤᠯᠤᠨ ᠦᠢᠯᠡᠰ ᠪᠤᠰᠬᠠᠬᠤ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠪᠢᠳᠡ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠲᠠᠪᠴᠠᠩ ᠢ ᠪᠥᠬᠦ ᠲᠠᠯ᠎ᠠ ᠪᠠᠷ ᠪᠠᠶᠢᠭᠤᠯᠵᠤ᠂ ᠴᠢᠨᠠᠷ ᠰᠠᠶᠢᠲᠠᠶ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠣᠯᠠᠨ ᠢ ᠦᠬᠠᠶ ᠳᠤ ᠰᠠᠨᠠᠭ᠎ᠠ ᠠᠮᠤᠷ ᠪᠠᠯᠠ ᠣᠷᠣᠭᠤᠯᠵᠤ᠂ ᠪᠠᠶᠠᠷ ᠬᠥᠷ ᠲᠠᠢ ᠠᠵᠢᠯᠯᠠᠭᠤᠯᠵᠤ᠂ ᠰᠡᠳᠭᠢᠯ ᠠᠮᠤᠷ ᠠᠮᠢᠳᠤᠷᠠᠭᠤᠯᠤᠨ᠎ᠠ ᠬᠡᠵᠡᠢ᠃    ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠤᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠳᠠ ᠤᠷᠭᠤᠮᠠᠯ ᠤᠨ ᠪᠠᠶᠢᠴᠠᠭᠠᠯᠲᠠ ᠶᠢᠨ ᠥᠷᠲᠡᠭᠡ ᠶᠢᠨ ᠬᠤᠯᠪᠣᠭᠳᠠᠯ ᠪᠥᠬᠦᠶ ᠲᠥᠯᠥᠭᠡᠯᠡᠭᠴᠢ ᠪᠠᠶᠠᠷ ᠤᠨ ᠦᠭᠡ  ᠬᠡᠯᠡᠪᠡ᠃ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠪᠣᠯᠤᠨ ᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠣᠯᠳᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠮᠠᠨ ᠤ ᠬᠤᠲᠠ ᠵᠢᠴᠢ ᠠᠵᠤ ᠦᠢᠯᠡᠰ ᠤᠨ ᠬᠦᠷᠢᠶᠡᠯᠡᠩ ᠢᠶᠠᠨ ᠲᠠᠨᠢᠯᠴᠠᠭᠤᠯᠪᠠ    ᠬᠤᠷᠠᠯ ᠳᠡᠭᠡᠷ᠎ᠡ᠂ ᠰᠥᠩ ᠰᠢᠶᠠᠨ ᠵᠤ᠋ ᠵᠡᠷᠭᠡ ᠤᠯᠤᠰ ᠤᠨ ᠳᠣᠲᠣᠭᠠᠳᠤ ᠶᠢᠨ 12 ᠨᠠᠷᠠᠲᠤ ᠲᠤᠰᠬᠠᠶ ᠮᠡᠷᠭᠡᠵᠢᠯᠲᠡᠨ ︽ᠰᠢᠨ᠎ᠡ ᠪᠠᠶᠢᠳᠠᠯ ᠳᠣᠤᠷ᠎ᠠ ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ︽ᠮᠠᠨ ᠤ ᠣᠯᠣᠰ ᠤᠨ ᠣᠶᠤᠨᠴᠢ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠬᠢᠭᠡᠳ ᠪᠠᠷᠠᠯᠠᠯ︾ ︽ᠲᠣᠭᠠᠴᠢᠯᠠᠭᠰᠠᠨ ᠮᠡᠷᠭᠡᠵᠢᠯ ᠢᠶᠠᠷ ᠠᠵᠤ ᠠᠬᠤᠶᠢᠯᠠᠯ ᠤᠨ ᠨᠠᠷᠢᠯᠢᠭ ᠠᠵᠢᠯᠯᠠᠭᠠᠨ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠶ᠎ᠡ︾ ᠵᠡᠷᠭᠡ ᠲᠠᠯ᠎ᠠ ᠪᠠᠷ ᠭᠤᠤᠯ ᠵᠤᠷᠢᠯᠳᠡᠳᠤ ᠶᠠᠷᠢᠶ᠎ᠠ ᠲᠠᠯᠪᠢᠵᠠᠶ᠃    ᠲᠤᠰ ᠣᠳᠠᠭᠠᠨ ᠤ ᠲᠦᠷᠦᠭᠦᠴᠦᠳ ᠤᠨ ᠬᠤᠷᠠᠯ ᠢ ᠳᠤᠮᠳᠠᠳᠤ ᠤᠯᠤᠰ ᠤᠨ ᠲᠠᠷᠢᠶᠠᠨ ᠡᠮ ᠤᠨ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠤᠰᠬᠠᠢ ᠮᠡᠷᠭᠡᠵᠢᠯ ᠤᠨ ᠵᠥᠪᠯᠡᠯ ᠪᠣᠯᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠪᠡ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号