ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠲᠤᠰᠠᠯᠠᠨ ᠲᠡᠮᠵᠢᠵᠦ ᠰᠡᠷᠭᠡᠶᠢᠯᠡᠨ ᠡᠵᠡᠮᠳᠡᠬᠦ ᠡᠮᠴᠢᠯᠡᠬᠡᠨ ᠤ ᠠᠩᠭᠢ ᠠᠶᠠᠨ ᠳᠤ ᠮᠣᠷᠳᠠᠪᠡ
ᠨᠡᠶᠢᠲᠡᠯᠡᠭᠰᠡᠨ ᠴᠠᠭ᠄
2020/10/22
     10 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠲᠤᠰᠠᠯᠠᠨ ᠲᠡᠮᠵᠢᠵᠦ ᠰᠡᠷᠭᠡᠶᠢᠯᠡᠨ ᠡᠵᠡᠮᠳᠡᠬᠦ ᠡᠮᠴᠢᠯᠡᠬᠡᠨ ᠤ ᠠᠩᠭᠢ ᠶᠢᠨ ᠠᠶᠠᠨ  ᠳᠤ ᠮᠣᠷᠳᠠᠬᠤ ᠶᠣᠰᠣᠯᠠᠯ ᠶᠠᠪᠤᠭᠳᠠᠪᠠ᠃      ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠦᠬᠡᠬᠤᠳᠠ ᠶᠢᠨ ᠨᠢᠰᠭᠡᠯ ᠤᠨ ᠪᠠᠭᠤᠳᠠᠯ ᠤᠨ ᠣᠯᠠᠨ ᠤᠯᠤᠰ ᠠᠴᠠ ᠡᠭᠡᠯᠵᠢ ᠶᠢᠨ ᠨᠢᠰᠬᠡᠯ ᠢ ᠰᠠᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠠᠷᠭᠠᠴᠠᠭᠠᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠡᠷᠡᠰ ᠰᠡᠷᠭᠡᠶᠢᠯᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠱᠠᠲᠤ ᠱᠠᠲᠤ ᠪᠠᠷ ᠰᠢᠯᠢᠨ ᠰᠣᠩᠭᠤᠵᠤ᠂ ᠮᠠᠨ ᠤ ᠬᠤᠲᠠ 38 ᠨᠡᠷᠡᠰ ᠡᠮᠨᠡᠯᠭᠡ ᠶᠢᠨ ᠠᠵᠢᠯᠲᠠᠨ ᠢᠶᠠᠷ ᠪᠦᠷᠢᠯᠳᠦᠭᠰᠡᠨ ᠠᠷᠪᠠᠨ ᠬᠤᠶᠠᠳᠤᠭᠠᠷ ᠡᠬᠡᠯᠵᠢ ᠶᠢᠨ ᠡᠩᠨᠡᠭᠡ ᠶᠢ ᠳᠠᠬᠢᠨᠲᠠ ᠲᠣᠮᠢᠯᠠᠵᠤ᠂ ᠬᠥᠬᠡᠬᠤᠲᠠ ᠶᠢᠨ ᠪᠣᠭᠤᠮᠲᠠ᠂ ᠬᠢᠯᠢ ᠶᠢᠨ ᠪᠠᠶᠢᠴᠠᠭᠠᠬᠤ ᠰᠠᠯᠠᠭ᠎ᠠ ᠮᠥᠴᠢᠷ ᠤᠨ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠬᠦ ᠶᠢ ᠳᠡᠮᠵᠢᠪᠡ᠃ ᠡᠨᠡ ᠬᠦ ᠬᠢᠵᠢᠭ ᠤᠨ ᠪᠠᠶᠢᠳᠠᠯ ᠢ ᠲᠤᠰᠠᠯᠠᠨ ᠲᠡᠮᠵᠢᠵᠦ ᠰᠡᠷᠭᠡᠶᠢᠯᠡᠨ ᠡᠵᠡᠮᠳᠡᠬᠦ ᠡᠮᠴᠢᠯᠡᠬᠡᠨ ᠤ ᠠᠩᠭᠢ ᠨᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠢᠶᠠᠷ ᠪᠦᠷᠢᠯᠳᠦᠵᠤ᠂ ᠭᠤᠤᠯᠳᠠᠭᠤ ᠵᠢᠭᠰᠠᠭᠠᠨ ᠪᠠᠶᠢᠴᠠᠭᠠᠬᠤ᠂ ᠦᠯᠢᠭᠡᠷ ᠠᠪᠬᠤ᠂ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠬᠠᠷᠢᠭᠤᠴᠠᠨ᠎ᠠ᠃      ᠮᠣᠷᠳᠠᠬᠤ ᠶᠣᠰᠣᠯᠠᠯ ᠳᠡᠭᠡᠷ᠎ᠡ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠮᠠᠨ ᠤ ᠬᠤᠲᠠ ᠶᠢ ᠲᠥᠯᠥᠭᠡᠯᠡᠨ ᠬᠢᠵᠢᠭ ᠤᠨ ᠪᠠᠶᠢᠳᠠᠯ ᠢ ᠲᠤᠰᠠᠯᠠᠨ ᠲᠡᠮᠵᠢᠵᠦ ᠰᠡᠷᠭᠡᠶᠢᠯᠡᠨ ᠡᠵᠡᠮᠳᠡᠬᠦ ᠡᠮᠴᠢᠯᠡᠬᠡᠨ ᠤ ᠠᠩᠭᠢ ᠳᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠢ ︽ᠠᠮᠢ ᠨᠠᠰᠤ ᠡᠷᠬᠢᠮ ᠲᠡᠭᠡᠲᠤ᠂ ᠤᠯᠤᠰ ᠳᠠᠶᠠᠭᠠᠷ ᠢᠶᠠᠨ ᠰᠡᠳᠬᠢᠯ ᠨᠢᠭᠡᠳᠬᠦ᠂ ᠦᠬᠦᠵᠦ ᠰᠡᠬᠡᠬᠦ ᠪᠠᠨ ᠤᠮᠠᠷᠳᠠᠬᠤ᠂ ᠰᠢᠨᠵᠢᠯᠡᠬᠦ ᠤᠬᠠᠭᠠᠨ ᠢ ᠬᠦᠨᠳᠦᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ︾ ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠶᠢ ᠬᠦᠰᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠣ ᠲᠤᠰᠢᠶᠠᠬᠤ ᠬᠡᠷᠡᠭᠲᠡᠶ ᠬᠡᠵᠦ ᠰᠠᠨᠠᠭᠤᠯᠵᠠᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号