ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠰᠡᠭ ᠡᠮᠨᠡᠯᠭᠡ ᠶᠢᠨ ᠬᠤᠷᠢᠶ᠎ᠠ ᠯᠤᠭ᠎ᠠ ᠮᠡᠷᠭᠡᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2020/10/22
     10 ᠰᠠᠷ᠎ᠠ ᠶᠢᠨ 20 ᠤ ᠡᠳᠦᠷ᠂ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠰᠡᠭ ᠡᠮᠨᠡᠯᠭᠡ ᠶᠢᠨ ᠬᠤᠷᠢᠶ᠎ᠠ ᠯᠤᠭ᠎ᠠ ᠮᠡᠷᠭᠡᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ  ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠳᠡᠳ᠋ ᠬᠤᠲᠠ ᠶᠢᠨ ᠳᠠᠷᠤᠭ᠎ᠠ ᠡᠤ ᠶᠧ ᠸᠧᠨ᠂ ᠪᠡᠭᠡᠵᠢᠩ ᠬᠤᠲᠠ ᠶᠢᠨ ᠡᠮᠴᠢᠯᠡᠭᠡᠨ  ᠤ ᠪᠠᠲᠤᠯᠠᠭ᠎ᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠵᠢᠶ ᠶᠧ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠰᠡᠭ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠰᠢᠨ ᠶᠢᠤ ᠴᠢᠩ ᠵᠢᠴᠢ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠵᠠᠩ ᠹᠦ᠋ ᠲᠢᠶᠠᠨ ᠬᠠᠮᠲᠤᠷᠠᠯᠴᠠᠭᠠᠨ ᠤ ᠬᠡᠯᠡᠯᠴᠡᠭᠡᠷ ᠤᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠬᠡᠯᠡᠯᠴᠡᠭᠡᠷ ᠲᠣᠭᠲᠠᠬᠤ ᠶᠣᠰᠣᠯᠠᠯ ᠠᠴᠠ ᠡᠮᠦᠨ᠎ᠡ᠂ ᠱᠢ ᠸᠠᠨ ᠵᠢᠶᠦ᠋ᠨ ᠨᠡᠷ ᠤᠷᠢᠳ ᠬᠤᠵᠢᠳ ᠪᠡᠭᠡᠵᠢᠩ ᠤᠨ ᠨᠦᠬᠦᠷᠰᠡᠭ ᠡᠮᠨᠡᠯᠭᠡ ᠶᠢᠨ ᠬᠤᠷᠢᠶᠠᠨ ᠤ ᠤᠶᠤᠨᠲᠤ ᠡᠭᠦᠳᠡᠨ ᠡᠮᠨᠡᠯᠭᠡ᠂ ᠰᠤᠳᠤᠯᠭᠠᠨ ᠤ ᠬᠡᠯᠪᠡᠷᠢ ᠶᠢᠨ ᠡᠪᠡᠳᠴᠢᠲᠡᠨ ᠤ ᠥᠷᠥᠭᠡ᠂ ᠳᠦᠷᠰᠦ ᠰᠢᠩᠭᠡᠭᠡᠯᠲᠡ ᠶᠢᠨ ᠲᠥᠪ᠂ ᠰᠢᠩᠭᠡᠭᠡᠯᠳᠡ ᠶᠢᠨ ᠳᠣᠲᠣᠭᠠᠳᠤ ᠳᠤᠷᠠᠨ ᠤ ᠲᠥᠪ ᠵᠡᠷᠭᠡ ᠭᠠᠵᠠᠷ ᠲᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠶ ᠵᠦᠪᠳᠡᠯᠴᠡᠭᠡᠷ ᠬᠢᠵᠡᠶ᠃      ᠱᠢ ᠸᠠᠨ ᠵᠢᠶᠦ᠋ᠨ ᠢᠯᠡᠷᠭᠡᠶᠢᠯᠡᠭᠰᠡᠨ ᠨᠢ᠂ ᠦᠬᠠᠶ ᠬᠤᠲᠠ ᠡᠨᠡ ᠤᠳᠠᠭᠠᠨ ᠤ ᠬᠠᠮᠲᠤᠷᠠᠯᠴᠠᠭ᠎ᠠ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠲᠠ ᠬᠠᠮᠵᠢᠯᠴᠠᠵᠤ᠂ ᠨᠠᠩ ᠣᠯᠠᠨ ᠪᠣᠳᠠᠲᠤ ᠴᠢᠨᠠᠷᠲᠠᠶ᠂ ᠣᠷᠳᠣ ᠬᠤᠭᠤᠴᠠᠭᠠᠨ ᠤ ᠪᠦᠲᠦᠮᠵᠢᠲᠡᠶ ᠦᠷ᠎ᠡ ᠪᠦᠲᠦᠭᠡᠯ ᠢ ᠪᠣᠶ ᠪᠣᠯᠭᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠢᠳᠡᠪᠬᠢᠲᠡᠢ ᠵᠣᠬᠢᠴᠠᠭᠤᠯᠵᠤ᠂ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠮᠠᠨ ᠤ ᠬᠤᠲᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠳᠡᠢ ᠬᠡᠵᠡᠢ᠃      ᠣᠶᠢᠯᠠᠭᠠᠭᠰᠠᠨ ᠢᠶᠠᠷ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠨᠡᠶᠢᠰᠯᠡᠯ ᠤᠨ ᠠᠨᠠᠭᠠᠬᠤ ᠤᠬᠠᠭᠠᠨ  ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠰᠡᠭ ᠡᠮᠨᠡᠯᠭᠡ ᠶᠢᠨ ᠬᠤᠷᠢᠶ᠎ᠠ ᠯᠤᠭ᠎ᠠ ᠡᠮᠴᠢᠯᠡᠭᠡᠨ ᠤ ᠮᠡᠷᠭᠡᠵᠢᠯ᠂ ᠴᠢᠳᠠᠪᠤᠷᠢᠳᠡᠨ ᠬᠥᠮᠦᠵᠢᠭᠦᠯᠬᠦ᠂ ᠰᠢᠨᠵᠢᠯᠡᠭᠡᠨ ᠤ ᠪᠠᠶᠢᠭᠤᠯᠤᠯᠲᠠ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠣᠷᠭᠠᠯᠳᠠ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠭ᠎ᠠ ᠥᠷᠨᠢᠭᠦᠯᠵᠦ᠂ ᠳᠠᠪᠠᠭᠤᠯᠢᠭ ᠡᠮᠴᠢᠯᠡᠭᠡᠨ ᠤ ᠮᠡᠷᠭᠡᠵᠢᠯ᠂ ᠴᠢᠳᠠᠪᠤᠷᠢᠲᠠᠨ ᠪᠣᠯᠤᠨ ᠬᠠᠮᠢᠶᠠᠷᠤᠯᠲᠠ ᠶᠢᠨ ᠡᠬᠢ ᠪᠠᠶᠠᠯᠢᠭ ᠢ ᠠᠰᠢᠭᠯᠠᠨ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠯ᠎ᠡ ᠲᠠᠯ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠲᠤᠰᠬᠠᠢ ᠮᠡᠷᠭᠡᠵᠢᠯᠲᠡᠨ ᠤ ᠪᠦᠯᠬᠦᠮ᠂ ᠮᠡᠷᠭᠡᠵᠢᠯ ᠤᠨ ᠪᠣᠳᠠᠲᠤ ᠬᠦᠴᠦᠨ᠂ ᠬᠠᠲᠠᠭᠤ ᠴᠢᠩᠭ᠎ᠠ ᠬᠠᠮᠢᠶᠠᠷᠤᠯᠲᠠ᠂ ᠴᠢᠨᠠᠷ ᠰᠠᠶᠢᠲᠠᠢ ᠦᠢᠯᠡᠴᠢᠯᠡᠭᠡ︾ ᠶᠢ ᠨᠢᠭᠡ ᠴᠣᠭᠴᠠᠵᠢᠭᠤᠯᠤᠭᠰᠠᠨ ᠠᠷᠠᠳ ᠣᠯᠠᠨ ᠤ ᠰᠡᠳᠬᠢᠯ ᠬᠠᠨᠤᠮᠵᠢᠲᠠᠢ ᠡᠮᠨᠡᠯᠭᠡ ᠶᠢᠨ ᠬᠤᠷᠢᠶ᠎ᠠ ᠶᠢ ᠴᠢᠷᠮᠠᠶᠢᠨ ᠡᠷᠬᠢᠯᠡᠵᠦ᠂ ᠪᠦᠬᠦ ᠬᠤᠲᠠ ᠶᠢᠨ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠲᠤ ᠶᠢ ᠪᠠᠲᠤᠯᠠᠵᠤ᠂ ᠪᠦᠬᠦ ᠬᠤᠲᠠ ᠶᠢᠨ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠪᠤᠯᠤᠨ᠎ᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号