ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2020/10/23
     ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠢᠯ ᠣᠯᠭᠤᠯᠲᠠ ᠶᠢᠨ ᠠᠵᠢᠯ ᠢ ᠠᠬᠢᠭᠤᠯᠵᠤ᠂ ᠠᠵᠢᠯ ᠲᠠᠨᠢᠯᠴᠠᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠣᠯᠭᠤᠯᠲᠠ ᠶᠢᠨ ᠲᠤᠰᠠᠯᠠᠮᠵᠢ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠲᠠᠮᠵᠢᠭᠤᠯᠤᠨ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠳᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ᠮᠠᠨ ᠤ ᠬᠤᠲᠠ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠨᠡᠶᠢᠲᠡ 468 ᠬᠥᠮᠦᠨ ︵ᠤᠳᠠᠭ᠎ᠠ︶ ᠢ ᠬᠠᠪᠰᠤᠷᠤᠨ ᠪᠡᠶᠡᠯᠡᠭᠦᠯᠪᠡ᠃      ᠮᠠᠨ ᠤ ᠬᠤᠲᠠ ᠤᠷᠢᠳ ᠬᠤᠵᠢᠳ ︽ᠦᠬᠠᠶ ᠬᠤᠲᠠ ᠶᠢᠨ ᠠᠵᠢᠯ ᠣᠯᠭᠤᠵᠣ ᠦᠢᠯᠡᠰ ᠴᠤᠭᠴᠠᠯᠠᠬᠤ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ ᠠᠵᠢᠯ ᠤᠨ ᠲᠥᠰᠦᠯ ︵2018 — 2020 ᠤᠨ︶︾ ᠵᠡᠷᠭᠡ ᠶᠢ ᠨᠡᠶᠢᠳᠡᠯᠡᠵᠦ᠂ ᠲᠡᠷᠡᠴᠢᠯᠡᠨ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠢᠳᠡᠪᠬᠢᠲᠡᠢ ᠠᠬᠢᠭᠤᠯᠪᠡ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠷ ᠭᠠᠷᠳᠠᠴᠠ ᠪᠣᠯᠭᠠᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠤᠲᠤᠯᠭ᠎ᠠ ᠶᠢᠨ ᠮᠡᠳᠡᠬᠦ ᠨᠣᠷᠮ᠎ᠠ ᠶᠢ ᠲᠠᠰᠤᠷᠠᠯᠲᠠ ᠦᠭᠡᠢ ᠥᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠦᠰ ᠢ ᠤᠯᠠᠮ ᠨᠢᠭᠡ ᠠᠯᠬᠤᠮ ᠬᠠᠪᠰᠤᠷᠤᠨ ᠦᠵᠡᠯᠲᠡ ᠶᠢ ᠨᠢ ᠬᠤᠪᠢᠷᠠᠭᠤᠯᠵᠤ᠂ ᠪᠡᠶ᠎ᠡ ᠪᠠᠨ ᠳᠠᠭᠠᠭᠠᠵᠤ ᠠᠵᠢᠯ ᠣᠯᠬᠤ᠂ ᠵᠣᠷᠢᠭᠲᠠᠶ ᠪᠠᠷ ᠦᠢᠯᠡᠰ ᠴᠣᠭᠴᠠᠯᠠᠬᠤ ᠶᠠᠳᠠᠭᠤ ᠠᠴᠠ ᠠᠩᠭᠢᠵᠢᠷᠠᠭᠤᠯᠬᠤ ᠤᠶᠢᠯᠠᠭᠠᠭᠳᠠᠬᠤᠨ ᠢ ᠪᠤᠢ ᠪᠣᠯᠭᠠᠪᠠ᠃ ᠶᠠᠳᠠᠭᠤ ᠬᠦᠴᠢᠷᠳᠡᠯᠲᠡᠶ ᠬᠥᠮᠦᠰ ᠤᠨ ᠠᠵᠢᠯ ᠣᠯᠬᠤ ᠪᠠ ᠠᠵᠢᠯ ᠠᠯᠳᠠᠭᠰᠠᠨ ᠪᠠᠶᠢᠳᠠᠯ᠂ ᠠᠵᠢᠯ ᠡᠷᠢᠬᠦ ᠵᠢᠴᠢ ᠪᠣᠯᠪᠠᠰᠤᠷᠠᠭᠤᠯᠤᠯ ᠬᠦᠷᠳᠡᠬᠦ ᠬᠦᠰᠡᠯ ᠡᠷᠡᠮᠡᠯᠵᠡᠯ ᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠮᠠᠨ ᠤ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠡᠷᠦᠬᠡ ᠳᠤ ᠣᠷᠣᠬᠤ ᠪᠠ ᠣᠳᠠᠰᠣ ᠪᠠᠷ ᠬᠠᠷᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠵᠤ᠂ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠥᠬᠦᠴᠡᠯ ᠳᠤ ᠨᠡᠶᠢᠴᠡᠭᠰᠡᠨ ᠪᠦᠬᠦᠨ ᠢ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠡᠳᠬᠦᠬᠦ ᠬᠡᠪᠴᠢᠶᠡᠨ ᠳᠤ ᠣᠷᠣᠭᠤᠯᠵᠤ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠨᠢᠭᠡᠪᠦᠷᠢ ᠳᠤ ᠬᠠᠪᠰᠤᠷᠤᠨ ᠲᠡᠳᠬᠦᠬᠦ ᠡᠬᠡ ᠳᠠᠩᠰᠠ ᠪᠠᠶᠢᠭᠤᠯᠵᠤ᠂ ᠲᠡᠷᠡᠴᠢᠯᠡᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠪᠡ᠃      ᠮᠠᠨ ᠤ ᠬᠤᠲᠠ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ ᠰᠦᠢᠳᠬᠡᠯ ᠬᠤᠷᠢᠶᠠᠬᠤ ᠦᠭᠡᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠤᠶᠤ ᠦᠢᠯᠡᠰ ᠪᠣᠰᠬᠠᠬᠤ ᠪᠣᠯᠪᠠᠰᠤᠷᠠᠯ ᠬᠠᠩᠭᠠᠵᠤ᠂ ᠪᠣᠯᠪᠠᠰᠤᠷᠠᠭᠤᠯᠤᠭᠰᠠᠨ ᠤ ᠳᠠᠷᠠᠭ᠎ᠠ ᠨᠥᠬᠦᠴᠡᠯ ᠳᠤ ᠨᠡᠶᠢᠴᠡᠪᠡᠯ ᠵᠣᠬᠢᠬᠤ ᠪᠣᠯᠪᠠᠰᠤᠷᠠᠯ ᠤᠨ ᠨᠥᠬᠦᠪᠥᠷᠢ ᠭᠤᠶᠤᠴᠢᠯᠠᠵᠤ ᠪᠣᠯᠤᠨ᠎ᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠶᠠᠳᠠᠭᠤ ᠬᠦᠴᠢᠷᠳᠡᠯᠲᠡᠶ ᠬᠦᠳᠡᠯᠮᠤᠷᠢ ᠶᠢᠨ ᠬᠦᠴᠦᠨ ᠨᠢ ᠪᠣᠯᠪᠠᠰᠤᠷᠠᠭᠤᠯᠤᠯ ᠤᠨ ᠬᠤᠭᠤᠴᠠᠭᠠᠨ ᠳᠤ ᠬᠥᠮᠦᠨ ᠨᠢᠭᠡᠪᠦᠷᠢ ᠳᠤ ᠡᠳᠦᠷ ᠪᠦᠷᠢ 100 ᠲᠦᠬᠦᠷᠢᠭ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠣᠯᠭᠤᠵᠤ ᠪᠣᠯᠬᠤ ᠪᠥᠭᠡᠳ ᠬᠥᠳᠡᠯᠮᠦᠷᠢᠯᠡᠬᠦ ᠴᠢᠳᠠᠪᠤᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠦᠰᠡᠯ ᠡᠷᠡᠮᠡᠯᠵᠡᠯ ᠲᠠᠢ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢᠴᠢᠨ ᠨᠢᠭᠡᠪᠦᠷᠢ ᠴᠥᠮ ᠨᠠᠭᠠᠳᠤ ᠵᠠᠬ᠎ᠠ ᠳᠠᠭᠠᠨ 1 ᠤᠳᠠᠭ᠎ᠠ ᠰᠦᠢᠳᠭᠡᠯ ᠬᠤᠷᠢᠶᠠᠬᠤ ᠥᠬᠡᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠦᠷᠳᠡᠵᠦ ᠪᠣᠯᠤᠨ᠎ᠠ ᠬᠡᠪᠡ᠃ ᠣᠳᠣ ᠪᠣᠯᠲᠠᠯ᠎ᠠ᠂ ᠮᠠᠨ ᠤ ᠬᠤᠲᠠ ᠠᠮᠤᠷ ᠢ ᠬᠠᠮᠠᠭᠠᠯᠠᠬᠤ᠂ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠲᠡ 16 ᠤᠳᠠᠭ᠎ᠠ ᠥᠷᠨᠢᠭᠦᠯᠵᠦ᠂ 79 ᠶᠠᠳᠠᠭᠤ ᠬᠦᠴᠢᠷᠳᠡᠯᠲᠡᠢ ᠬᠥᠮᠦᠰ ᠢ ᠬᠠᠪᠰᠤᠷᠤᠨ ᠮᠡᠷᠭᠡᠵᠢᠯ ᠤᠨ ᠬᠡᠪ ᠴᠢᠨᠠᠷ ᠢ ᠨᠢ ᠳᠡᠭᠡᠭᠰᠢᠯᠡᠭᠦᠯᠪᠡ᠃      ᠮᠠᠨ ᠤ ᠬᠤᠲᠠ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠠᠵᠢᠯ ᠣᠯᠬᠤ ᠳᠤ ᠬᠦᠴᠢᠷᠲᠡᠶ ᠬᠥᠮᠦᠰ ᠤᠨ ᠬᠡᠪᠴᠢᠶᠡᠨ ᠳᠤ ᠣᠷᠣᠭᠤᠯᠵᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠵᠤ᠂ ᠨᠠᠷᠢᠯᠢᠭ ᠣᠨᠣᠴᠠᠲᠠᠶ ᠪᠠᠷ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠵᠦ᠂ ᠡᠯ᠎ᠡ ᠲᠥᠷᠥᠯ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯᠴᠢᠨ ᠬᠡᠷᠡᠭᠯᠡᠬᠦ ᠶᠢ ᠵᠤᠯᠭᠠᠭᠤᠯᠬᠤ ᠲᠠᠪᠴᠠᠩ ᠪᠠᠶᠢᠭᠤᠯᠵᠤ ᠂ ᠠᠵᠢᠯᠲᠠᠨ ᠡᠯᠰᠡᠬᠦ ᠬᠤᠷᠠᠯ ᠳᠤ ᠣᠷᠣᠯᠴᠠᠬᠤ ᠳᠤ ᠳᠥᠭᠦᠮ ᠦᠭᠡᠢ ᠬᠥᠮᠦᠰ ᠲᠤ ᠴᠢᠭᠯᠡᠭᠦᠯᠦᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠠᠵᠢᠯ ᠤᠨ ᠪᠠᠶᠢᠷᠢ ᠬᠦᠷᠭᠡᠬᠦ᠂ ᠲᠦᠷᠦ ᠶᠢᠨ ᠪᠤᠲᠤᠯᠭ᠎ᠠ ᠶᠢ ᠭᠡᠷ ᠲᠤᠨᠢ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠶᠢᠨ ᠬᠦᠴᠦᠨ ᠤ ᠲᠣᠭᠲᠠᠪᠤᠷᠢᠲᠠᠶ ᠠᠵᠢᠯ ᠤᠯᠬᠤ ᠶᠢ ᠠᠬᠢᠭᠤᠯᠪᠠ᠃ ᠣᠳᠣ ᠪᠣᠯᠲᠠᠯ᠎ᠠ᠂ ᠪᠦᠬᠦ ᠬᠤᠲᠠ ᠳᠤ ᠨᠡᠶᠢᠲᠡ 44 ᠤᠳᠠᠭᠠᠨ ᠤ ᠶᠠᠳᠠᠭᠤ ᠶᠢ ᠲᠡᠳᠬᠦᠬᠦ ᠠᠵᠢᠯᠲᠠᠨ ᠡᠯᠰᠡᠬᠦ ᠬᠤᠷᠠᠯ ᠡᠷᠬᠢᠯᠡᠵᠦ᠂ ᠬᠤᠷᠠᠯ ᠳᠤ ᠣᠷᠣᠯᠴᠠᠭᠰᠠᠨ ᠨᠢᠭᠡᠴᠡ 1055 ᠪᠠᠶᠢᠵᠤ᠂ ᠲᠠᠩᠰᠠᠯᠠᠵᠤ ᠺᠠᠷᠲᠯᠠᠭᠰᠠᠨ 400 ᠰᠢᠬᠠᠮ ᠶᠠᠳᠠᠭᠤ ᠬᠦᠴᠢᠷᠳᠡᠯᠳᠡᠢ ᠬᠥᠳᠡᠯᠮᠦᠷᠢ ᠶᠢᠨ ᠬᠦᠴᠦᠨ ᠳᠤ ᠣᠯᠠᠨ ᠠᠷᠭ᠎ᠠ ᠵᠠᠮ ᠢᠶᠠᠷ ᠠᠵᠢᠯ ᠣᠯᠭᠤᠪᠠ᠃      ᠮᠠᠨ ᠤ ᠬᠤᠲᠠ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠠᠵᠢᠯ ᠤᠨ ᠪᠠᠶᠢᠷᠢ ᠶᠢ ᠣᠶᠢᠷ᠎ᠠ ᠬᠠᠪᠢ ᠳᠤᠨᠢ ᠲᠤᠬᠠᠶ ᠶᠢᠨ ᠭᠠᠵᠠᠷ ᠲᠤᠨᠢ ᠨᠡᠭᠡᠭᠡᠨ ᠬᠥᠭᠵᠢᠭᠦᠯᠬᠦ ᠵᠠᠷᠴᠢᠮ ᠶᠣᠰᠣᠭᠠᠷ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠪᠠᠷ ᠬᠠᠪᠰᠤᠷᠤᠨ ᠲᠡᠳᠭᠦᠪᠡ᠃ ᠣᠲᠣ ᠪᠣᠯᠲᠠᠯ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ 68 ᠬᠥᠮᠦᠨ ᠤᠳᠠᠭ᠎ᠠ ᠲᠥᠪᠬᠢᠨᠡᠭᠦᠯᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号