ᠪᠦᠬᠦ ᠬᠤᠳᠠ ᠶᠢᠨ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠬᠡᠷᠡᠭ ᠢᠶᠠᠷ ᠥᠭᠡᠷᠡᠴᠢᠯᠡᠯᠲᠡ ᠶᠢ ᠠᠭᠢᠭᠤᠯᠬᠤ ᠶᠢ ᠬᠦᠨᠵᠡᠬᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/26
     10 ᠰᠠᠷ᠎ᠠ ᠶᠢᠨ 23 ᠤ ᠡᠳᠦᠷ᠂ ᠪᠥᠬᠦ ᠬᠤᠲᠠ ᠶᠢᠨ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠬᠡᠷᠡᠭ ᠢᠶᠠᠷ ᠥᠭᠡᠷᠡᠴᠢᠯᠡᠯᠲᠡ ᠶᠢ ᠠᠭᠢᠭᠤᠯᠬᠤ ᠶᠢ ᠬᠦᠨᠵᠡᠬᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠬᠢ ᠶᠢᠨ ᠠᠯᠪᠠᠨ ᠬᠡᠷ᠂ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠬᠤᠯᠪᠤᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠲᠣᠰ ᠲᠣᠰ ᠡᠯ᠎ᠡ ᠨᠢᠭᠡᠴᠡ ᠶᠢᠨ ᠢᠶᠠᠨ ᠬᠡᠷᠡᠭ ᠢᠶᠠᠷ ᠥᠭᠡᠷᠡᠴᠢᠯᠡᠯᠲᠡ ᠶᠢ ᠠᠭᠢᠭᠤᠯᠬᠤ ᠶᠢ ᠬᠦᠨᠵᠡᠬᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ  ᠠᠵᠢᠯ ᠥᠷᠨᠢᠭᠦᠯᠦᠭᠰᠡᠨ ᠠᠬᠢᠯᠲᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠠᠮᠢ ᠠᠬᠤᠶ ᠪᠣᠯ ᠤᠳᠤᠷᠢᠳᠬᠤ ᠺᠠᠳ᠋ᠷ ᠤᠨ ᠰᠤᠷᠲᠠᠯ᠂ ᠤᠯᠤᠰ ᠲᠥᠷᠥ ᠶᠢᠨ ᠠᠮᠢᠳᠤᠷᠠᠯ ᠤᠨ ᠪᠠᠶᠢᠳᠠᠯ ᠪᠣᠯᠤᠨ ᠤᠯᠤᠰ ᠲᠥᠷᠥ ᠶᠢᠨ ᠬᠥᠭᠵᠢᠯᠲᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠲᠤᠰᠬᠠᠯ᠂ ᠬᠡᠷᠡᠭ ᠢᠶᠠᠷ ᠥᠭᠡᠷᠡᠴᠢᠯᠡᠯᠲᠡ ᠶᠢ ᠠᠭᠢᠭᠤᠯᠬᠤ ᠶᠢ ᠬᠦᠨᠵᠡᠬᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠰᠠᠶᠢᠲᠤᠷ ᠥᠷᠨᠢᠭᠦᠯᠬᠦ ᠨᠢ ᠪᠦᠬᠦ ᠲᠠᠯ᠎ᠠ ᠳᠤ ᠬᠤᠯᠪᠣᠭᠳᠠᠵᠤ᠂ ᠬᠦᠨᠲᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠣᠬᠠᠮᠰᠠᠷ ᠢᠶᠠᠷ ︽ᠬᠡᠷᠡᠭ ᠢᠶᠠᠷ ᠥᠭᠡᠷᠡᠴᠢᠯᠡᠯᠲᠡ ᠶᠢ ᠠᠭᠢᠭᠤᠯᠬᠤ ᠶᠢ ᠬᠦᠨᠵᠡᠬᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠦᠷᠢᠮ ᠤᠨ ᠬᠡᠷᠡᠭᠵᠢᠭᠦᠯᠦᠯᠲᠡ ᠪᠠᠨ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠤᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠲᠤᠰᠬᠠᠢ ᠠᠵᠢᠯ ᠤᠨ ᠳᠤᠭᠤᠶᠢᠯᠠᠩ ᠲᠠᠢ ᠢᠳᠡᠪᠬᠢᠲᠡᠢ ᠬᠠᠮᠵᠢᠯᠴᠠᠨ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠰᠠᠶᠢᠲᠤᠷ ᠬᠢᠵᠦ᠂ ᠲᠤᠰᠬᠠᠢ ᠠᠵᠢᠯᠯᠠᠭ᠎ᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠭᠦᠨᠵᠡᠭᠡᠢ ᠠᠬᠢᠭᠤᠯᠬᠤ ᠬᠡᠷᠡᠭᠳᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠢᠭᠡᠳᠦᠯᠳᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠲᠤᠰᠬᠠᠶ ᠠᠵᠢᠯᠯᠠᠭ᠎ᠠ ᠶᠢ ᠺᠠᠳ᠋ᠷ ᠤᠨ ᠪᠠᠶᠢᠳᠠᠯ ᠢᠶᠠᠨ ᠳᠡᠭᠡᠭᠰᠢᠯᠡᠭᠦᠯᠬᠦ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠬᠦ ᠴᠢᠬᠤᠯᠠ ᠭᠠᠷᠳᠠᠴᠠ ᠪᠣᠯᠭᠠᠵᠤ᠂ ᠨᠠᠩ ᠪᠠᠲᠤ ᠢᠲᠡᠭᠡᠯ ᠵᠣᠷᠢᠭ᠂ ᠨᠠᠩ ᠡᠷᠡᠰ ᠴᠢᠩᠭ᠎ᠠ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠬᠦᠴᠦᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号