10 ᠰᠠᠷ᠎ᠠ ᠶᠢᠨ 25 ᠤ ᠡᠳᠦᠷ᠂ ︽ᠪᠢᠷ ᠪᠡᠭᠡᠰ ᠤᠨ ᠠᠩᠬᠢᠯᠤᠮ᠎ᠠ ᠦᠨᠦᠷ · ᠬᠠᠶᠢᠷ᠎ᠠ ᠪᠢᠯᠬᠠᠭᠰᠠᠨ ᠬᠠᠮᠲᠤ | ᠶᠢᠨ ᠣᠷᠣᠭᠰᠢᠯᠠᠯᠳᠠ︾ ᠭᠡᠬᠦ ᠲᠣᠮᠣ ᠬᠡᠯᠪᠡᠷᠢ ᠶᠢᠨ ᠨᠢᠭᠦᠯᠡᠰᠦᠩᠭᠦᠶ ᠶᠢᠨ ᠵᠢᠷᠤᠭ ᠤᠨ ᠦᠵᠡᠰᠬᠦᠯᠡᠩ ᠣᠲᠣ | ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠣᠷᠠᠯᠢᠭ ᠤᠨ ᠣᠷᠳᠣᠨ ᠳᠤ ᠡᠬᠢᠯᠡᠪᠡ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠣᠰ ᠤᠳᠠᠭᠠᠨ ᠤ ᠵᠢᠷᠤᠭ ᠤᠨ ᠦᠵᠡᠰᠬᠦᠯᠡᠩ 11 ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ | ᠳᠡᠯᠭᠡᠭᠳᠡᠵᠦ᠂ ᠳᠡᠪᠢᠭᠦᠷ ᠲᠡᠯᠪᠡᠷᠢᠲᠤ᠂ ᠵᠢᠵᠢᠭ ᠬᠡᠯᠪᠡᠷᠢ᠂ ᠣᠷᠳᠣ ᠣᠷᠢᠶᠠᠮᠠᠭ ᠵᠡᠷᠭᠡ ᠲᠥᠷᠥᠯ ᠤᠨ ᠬᠢᠲᠠᠳ | ᠵᠢᠷᠤᠭ ᠤᠨ 110 ᠪᠦᠲᠦᠭᠡᠯ ᠢ ᠳᠡᠯᠭᠡᠨ ᠦᠵᠡᠭᠦᠯᠵᠡᠶ᠃ ᠳᠡᠯᠭᠡᠨ ᠦᠵᠡᠭᠦᠯᠬᠦ ᠪᠦᠲᠦᠭᠡᠯ ᠨᠢ ᠠᠭᠤᠯᠠ ᠤᠰᠤ᠂ | ᠬᠥᠮᠦᠨ᠂ ᠴᠡᠴᠡᠭ ᠰᠢᠪᠠᠭᠤ ᠪᠠᠷ ᠰᠡᠳᠦᠪᠯᠡᠵᠦ᠂ ᠡᠰᠡᠬᠦᠯ᠎ᠡ ᠪᠢᠷ ᠪᠡᠭᠡ ᠶᠢᠨ ᠤᠷᠠᠯᠢᠭ ᠲᠠᠢ᠂ ᠡᠰᠡᠬᠦᠯ᠎ᠡ ᠤᠷᠮ᠎ᠠ | ᠪᠠᠬ᠎ᠠ ᠪᠢᠯᠬᠠᠮ᠎ᠠ ᠪᠠᠶᠢᠳᠠᠭ᠃ ᠦᠵᠡᠰᠬᠦᠯᠡᠩ ᠳᠤ ᠣᠷᠣᠯᠴᠠᠭᠰᠠᠨ ᠵᠢᠷᠤᠭ ᠪᠦᠲᠦᠭᠡᠯ ᠨᠢ ᠳᠤᠮᠳᠠᠳᠤ ᠤᠯᠤᠰ ᠤᠨ | ᠵᠢᠷᠤᠭ ᠤᠨ ᠴᠤᠭ ᠵᠢᠪᠬᠤᠭ᠎ᠠ ᠠᠮᠢᠳᠤᠯᠢᠭ᠂ ᠳᠦᠷᠢ ᠲᠥᠷᠬᠦ ᠪᠠᠷ ᠵᠤᠷᠢᠭ ᠢ ᠢᠯᠡᠷᠡᠬᠦᠯᠬᠦ ᠥᠪᠡᠷᠮᠢᠴᠡ ᠤᠷᠠᠯᠢᠭ ᠤᠨ | ᠷᠢᠳᠢ ᠰᠢᠳᠢ ᠶᠢ ᠢᠯᠡᠷᠡᠭᠦᠯᠵᠦ᠂ ᠠᠬᠤᠶ ᠲᠠᠯᠠᠪᠠᠢ ᠶᠢᠨ ᠦᠵᠡᠭᠴᠢᠳ ᠲᠤ ᠭᠤᠸ᠎ᠠ ᠰᠠᠶᠢᠬᠠᠨ ᠤ ᠬᠦᠷᠲᠡᠭᠡᠯ ᠪᠠ | ᠲᠥᠷᠥᠭᠳᠡᠯ ᠢ ᠣᠯᠭᠤᠭᠰᠠᠨ ᠶᠤᠮ᠃ | ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠡᠳᠦᠷ᠂ ᠦᠵᠡᠰᠬᠦᠯᠡᠩ ᠳᠤ ᠣᠷᠣᠯᠴᠠᠭᠰᠠᠨ ᠬᠡᠰᠡᠭ ᠵᠣᠬᠢᠶᠠᠭᠴᠢ | ᠪᠣᠯᠤᠨ ᠬᠢᠲᠠᠳ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠰᠢᠬᠦᠳ ᠤᠨ ᠤᠷᠠᠨ ᠪᠢᠴᠢᠯᠭᠡᠲᠡᠨ ᠪᠣᠯᠤᠨ ᠮᠠᠨ ᠤ | ᠬᠤᠲᠠ ᠶᠢᠨ ᠤᠷᠠᠨ ᠪᠢᠴᠢᠯᠭᠡᠲᠡᠨ ᠲᠤᠬᠠᠢ ᠶᠢᠨ ᠲᠠᠯᠠᠪᠤᠷ ᠲᠤ ᠵᠤᠬᠢᠶᠠᠨ ᠪᠦᠲᠦᠬᠡᠯᠭᠡ ᠬᠢᠪᠡ᠂ ᠡᠳᠡᠭᠡᠷ ᠪᠦᠲᠦᠭᠡᠯ | ᠶᠢ ᠨᠢ ᠬᠤᠳᠠᠯᠳᠤᠨ ᠠᠪᠬᠤ ᠬᠡᠯᠪᠡᠷᠢ ᠪᠠᠷ ᠪᠣᠷᠣᠯᠠᠭᠤᠯᠵᠤ᠂ ᠣᠯᠤᠭᠰᠠᠨ ᠠᠰᠢᠭ ᠣᠷᠣᠯᠭ᠎ᠠ ᠶᠢ ᠪᠦᠬᠦᠨ ᠢ ᠮᠠᠨ ᠤ | ᠬᠤᠲᠠ ᠶᠢᠨ ᠨᠠᠰᠤᠵᠢᠯ ᠤᠨ ᠦᠢᠯᠡᠰ ᠤᠨ ᠬᠥᠭᠵᠢᠯᠲᠡ ᠶᠢ ᠲᠡᠮᠵᠢᠬᠦ ᠳᠤ ᠬᠡᠷᠡᠭᠯᠡᠬᠦ ᠪᠤᠯᠤᠨ᠎ᠠ᠃ | ᠲᠤᠰ ᠤᠳᠠᠭᠠᠨ ᠤ ᠵᠢᠷᠤᠭ ᠤᠨ ᠦᠵᠡᠭᠦᠯᠦᠯᠭᠡ ᠶᠢ ᠬᠤᠲᠠ ᠶᠢᠨ ᠤᠷᠠᠨ ᠵᠢᠷᠤᠭ ᠤᠨ ᠣᠷᠳᠣᠨ ᠠᠴᠠ | ᠭᠤᠤᠯᠯᠠᠨ ᠡᠷᠭᠢᠯᠡᠵᠦ᠂ ᠬᠥᠬᠡᠬᠤᠲᠠ ᠶᠢᠨ ᠲᠤᠤ ᠪᠥᠸᠧ ᠸᠠᠭᠠᠷ ᠱᠠᠭᠠᠵᠠᠩ ᠤᠨ ᠰᠣᠶᠣᠯ ᠤᠨ ᠰᠤᠳᠤᠯᠭᠠᠨ ᠤ | ᠨᠡᠶᠢᠭᠡᠮᠯᠢᠭ ᠤᠨ ᠦᠬᠠᠶ ᠬᠤᠲᠠ ᠶᠢᠨ ᠵᠣᠬᠢᠶᠠᠨ ᠪᠦᠲᠦᠭᠡᠬᠦ ᠰᠠᠭᠤᠷᠢᠨ ᠭᠠᠵᠠᠷ ᠵᠡᠷᠭᠡ ᠨᠢᠭᠡᠴᠡ ᠳᠠᠭᠠᠭᠠᠴᠢᠯᠠᠨ | ᠡᠷᠬᠢᠯᠡᠵᠤ᠂ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠲᠤ ᠰᠣᠶᠣᠯ ᠪᠠ ᠤᠯᠠᠮᠵᠢᠯᠠᠯᠲᠤ ᠡᠷᠬᠢᠮ ᠰᠤᠷᠲᠠᠯ ᠢ | ᠤᠶᠠᠯᠳᠤᠭᠤᠯᠵᠤ᠂ ᠪᠦᠬᠦ ᠨᠡᠶᠢᠭᠡᠮ ᠢ ᠳᠠᠶᠢᠴᠢᠯᠠᠨ ᠨᠠᠰᠤᠵᠢᠯ ᠤᠨ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ | ᠪᠦᠬᠦ ᠨᠡᠶᠢᠭᠡᠮ ᠤᠨ ᠨᠠᠰᠤᠲᠠᠨ ᠢ ᠬᠦᠨᠳᠦᠯᠡᠬᠦ᠂ ᠨᠠᠰᠤᠲᠠᠨ ᠢ ᠬᠠᠶᠢᠷᠠᠯᠠᠬᠤ᠂ ᠨᠠᠰᠤᠲᠠᠨ ᠢ ᠠᠰᠠᠷᠠᠬᠤ ᠤᠬᠠᠮᠰᠠᠷ ᠢᠶᠠᠨ | ᠦᠨᠡᠨ ᠬᠦ ᠴᠢᠩᠭᠠᠳᠬᠠᠵᠤ᠂ ᠡᠬᠦᠨ ᠤ ᠬᠠᠮᠲᠤ ᠪᠠᠰᠠ ᠥᠷᠭᠡᠨ ᠣᠯᠠᠨ ᠤᠷᠠᠨ ᠪᠢᠴᠢᠯᠭᠡ ᠤᠷᠠᠨ ᠵᠢᠷᠤᠭ ᠲᠤ | ᠪᠠᠭ᠋ᠠᠲᠠᠶ ᠬᠥᠮᠦᠰ ᠲᠤ ᠨᠢᠭᠡᠨ ᠰᠣᠯᠢᠯᠴᠠᠨ ᠰᠤᠷᠤᠯᠴᠠᠬᠤ ᠲᠠᠪᠴᠠᠩ ᠬᠠᠩᠭᠠᠬᠤ ᠪᠤᠯᠤᠨ᠎ᠠ᠃ |