ᠮᠠᠨ ᠤ ᠬᠤᠲᠠ 98 ᠠᠬᠠᠮᠠᠳ ᠴᠡᠷᠢᠭ ᠲᠤ ︽ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ︾ ᠭᠡᠬᠦ ᠲᠤᠷᠠᠰᠬᠠᠯ ᠤᠨ ᠲᠡᠮᠳᠡᠭ ᠲᠠᠷᠬᠠᠭᠠᠪᠠ
ᠨᠡᠶᠢᠲᠡᠯᠡᠭᠰᠡᠨ ᠴᠠᠭ᠄
2020/10/26
     ᠡᠨᠡ ᠵᠢᠯ ᠪᠣᠯ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠪᠣᠯᠤᠨ᠎ᠠ᠃ ᠣᠶᠢᠷ᠎ᠠ ᠳᠤ᠂ ᠮᠠᠨ ᠤ ᠬᠤᠲᠠ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠳᠤ ᠣᠷᠣᠯᠴᠠᠭᠰᠠᠨ 98 ᠨᠡᠷᠡᠰ ᠰᠠᠶᠢᠨ ᠳᠤᠷ᠎ᠠ ᠶᠢᠨ ᠴᠡᠷᠢᠭ ᠤᠨ ᠠᠬᠠᠮᠠᠳ ᠪᠠᠶᠢᠯᠳᠤᠭᠴᠢ ᠠᠬᠠᠮᠠᠳ ᠨᠥᠬᠦᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠬᠠᠮᠲᠤ ᠪᠠᠷ ᠣᠯᠭᠤᠭᠰᠠᠨ ︽ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ︾ ᠭᠡᠬᠦ ᠳᠤᠷᠠᠰᠬᠠᠯ ᠤᠨ ᠲᠡᠮᠳᠡᠭ ᠢ ᠲᠠᠷᠬᠠᠭᠠᠭᠰᠠᠨ ᠪᠥᠭᠡᠳ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠵᠥᠩᠨᠡᠯ ᠢ ᠬᠦᠷᠭᠡᠪᠡ᠃      70 ᠵᠢᠯ ᠤᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠰᠦᠷ ᠵᠢᠪᠬᠤᠯᠠᠩ ᠲᠠᠢ ᠪᠠᠷ ᠶᠠᠯᠤ ᠮᠥᠷᠡᠨ ᠢ ᠭᠡᠲᠦᠯᠦᠨ ᠰᠣᠯᠣᠩᠭᠤᠰ ᠤᠨ ᠠᠷᠠᠳ ᠲᠦᠮᠡᠨ ᠪᠣᠯᠤᠨ ᠴᠡᠷᠢᠭ ᠠᠩᠭᠢ ᠲᠠᠢ ᠮᠦᠷᠦ ᠵᠡᠷᠭᠡᠴᠡᠨ ᠬᠤᠶᠠᠷ ᠵᠢᠯ ᠤᠨ ᠭᠠᠳᠠᠨ᠎ᠠ 9 ᠰᠠᠷ᠎ᠠ ᠶᠢᠨ ᠬᠤᠭᠤᠴᠠᠭ᠎ᠠ ᠲᠠᠢ ᠬᠠᠳᠠᠭᠤᠵᠢᠯᠳᠠᠢ ᠴᠢᠰᠣᠲᠣ ᠪᠠᠶᠢᠯᠳᠤᠭᠠᠨ ᠬᠢᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠲᠠᠶᠢᠨ ᠤ ᠠᠭᠤᠤ ᠶᠡᠭᠡ ᠢᠯᠠᠯᠲᠠ ᠶᠢ ᠤᠯᠪᠠ᠃ ᠲᠡᠳᠡᠨᠣᠰ ᠳᠤᠮᠳᠠᠳᠤ ᠶᠢᠨ ᠦᠨᠳᠦᠰᠦᠳᠡᠨ ᠤ ᠪᠠᠭᠠᠲᠤᠷ ᠬᠥᠪᠡᠭᠦᠳ᠂ ᠡᠬᠡ ᠣᠷᠣᠨ ᠤ ᠠᠮᠤᠷ ᠲᠦᠪᠰᠢᠨ ᠪᠠ ᠳᠡᠯᠡᠬᠡᠶ ᠶᠢᠨ ᠡᠩᠬᠡ ᠲᠠᠶᠢᠪᠤᠩ ᠤᠨ ᠪᠠᠲᠤ ᠴᠢᠩᠭ᠎ᠠ ᠬᠠᠮᠠᠭᠠᠯᠠᠭᠴᠢ᠂ ︽ᠬᠠᠮᠤᠭ ᠤᠨ ᠬᠠᠶᠢᠷᠠᠲᠠᠶ ᠬᠥᠮᠦᠨ︾ ᠭᠡᠬᠦ ᠢᠷᠠᠭᠤ ᠠᠯᠳᠠᠷᠲᠤ ᠴᠣᠯᠠ ᠪᠠᠨ ᠭᠤᠲᠤᠭᠠᠭᠰᠠᠨ ᠥᠬᠡᠶ ᠶᠤᠮ᠃ 70 ᠵᠢᠯ ᠤᠨ ᠲᠤᠷᠰᠢ᠂ ᠰᠦᠷ ᠵᠢᠪᠬᠤᠯᠠᠩᠲᠤ ᠠᠭᠤᠯᠠ ᠤᠰᠤ ᠶᠢ ᠮᠠᠭᠲᠠᠨ ᠳᠠᠭᠤᠯᠠᠭᠰᠠᠨ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠳᠠᠷᠤᠭ᠎ᠠ ᠪᠠᠶᠢᠯᠳᠤᠭᠴᠢᠳ ᠵᠢᠴᠢ ᠡᠨᠡ ᠣᠳᠠᠭᠠᠨ ᠤ ᠳᠠᠶᠢᠨ ᠤ ᠢᠯᠠᠯᠲᠠ ᠳᠤ ᠬᠤᠪᠢ ᠨᠡᠮᠡᠷᠢ ᠦᠵᠡᠬᠦᠯᠦᠭᠰᠡᠨ ᠪᠤᠢ ᠪᠦᠬᠦᠢ ᠬᠥᠮᠦᠰ ᠢ ᠪᠢᠳᠡ ᠶᠡᠷᠦ ᠮᠠᠷᠲᠠᠭ᠎ᠠ ᠦᠭᠡᠢ ᠶᠤᠮ᠃      ᠲᠤᠰ ᠤᠳᠠᠭᠠᠨ ᠤ ᠳᠤᠷᠠᠰᠬᠠᠯ ᠤᠨ ᠲᠡᠮᠳᠡᠭ ᠣᠯᠭᠤᠬᠤ ᠡᠲᠡᠭᠡᠳ ᠲᠤ ᠪᠠᠭᠳᠠᠬᠤ ᠨᠢ᠄ ᠠᠮᠧᠷᠢᠺᠠ ᠶᠢ ᠡᠰᠡᠷᠭᠦᠴᠡᠨ ᠰᠣᠯᠣᠩᠭᠤᠰ ᠲᠤ ᠲᠤᠰᠠᠯᠠᠬᠤ ᠲᠠᠶᠢᠨ ᠳᠤ ᠣᠷᠣᠯᠴᠠᠭᠰᠠᠨ᠂ ᠡᠷᠡᠭᠦᠯ ᠲᠡᠩᠬᠡᠯᠡᠭᠦᠨ ᠪᠠᠶᠢᠭ᠎ᠠ ᠰᠠᠶᠢᠨ ᠳᠤᠷ᠎ᠠ ᠶᠢᠨ ᠴᠡᠷᠢᠭ ᠤᠨ ᠠᠬᠠᠮᠠᠳ ᠪᠠᠶᠢᠯᠳᠤᠭᠴᠢ ᠠᠬᠠᠮᠠᠳ ᠨᠥᠬᠦᠳ︔ ᠭᠠᠳᠠᠭᠠᠳᠤ ᠳᠤ ᠭᠠᠷᠴᠤ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠳᠤ ᠦᠢᠯᠡᠴᠢᠯᠡᠭᠰᠡᠨ ᠡᠷᠡᠭᠦᠯ ᠲᠡᠩᠬᠡᠯᠡᠬᠦᠨ ᠪᠠᠶᠢᠭ᠎ᠠ ᠡᠮ ᠡᠮᠨᠡᠯᠭᠡ᠂ ᠲᠡᠮᠦᠷ ᠵᠠᠮ᠂ ᠲᠡᠭᠡᠭᠡᠪᠦᠷᠢ᠂ ᠣᠷᠴᠢᠭᠤᠯᠤᠭᠴᠢ᠂ ᠲᠠᠶᠢᠨ ᠵᠣᠭᠰᠣᠬᠤ ᠬᠡᠯᠡᠯᠴᠡᠭᠡ ᠬᠢᠬᠦ ᠵᠡᠷᠭᠡ ᠠᠵᠢᠯ ᠳᠤ ᠣᠷᠣᠯᠴᠠᠭᠰᠠᠨ ᠬᠥᠮᠦᠰ᠂ ᠡᠷᠦᠭᠡ ᠶᠢᠨ ᠴᠡᠷᠢᠭ᠂ ᠡᠷᠤᠭᠡ ᠶᠢᠨ ᠠᠵᠢᠯᠴᠢᠨ᠂ ᠰᠣᠨᠢᠨ ᠮᠡᠳᠡᠭᠡᠨ ᠤ ᠰᠤᠷᠪᠤᠯᠵᠢᠯᠠᠭᠴᠢ᠂ ᠵᠣᠬᠢᠶᠠᠯᠴᠢ᠂ ᠭᠡᠷᠡᠯ ᠵᠢᠷᠤᠭ ᠠᠪᠬᠤ ᠵᠡᠷᠭᠡ ᠬᠥᠮᠦᠰ︔ 1953 ᠣᠨ ᠤ 7 ᠰᠠᠷ᠎ᠠ ᠳᠤ ᠳᠠᠶᠢᠨ ᠵᠣᠭᠰᠣᠭᠰᠠᠨ ᠤ ᠳᠠᠷᠠᠭ᠎ᠠ 1958 ᠣᠨ ᠤ 10 ᠰᠠᠷ᠎ᠠ ᠪᠣᠯᠲᠠᠯ᠎ᠠ ᠰᠠᠶᠢᠨ ᠲᠤᠷ᠎ᠠ ᠶᠢᠨ ᠴᠡᠷᠢᠭ ᠰᠣᠯᠣᠩᠭᠤᠰ ᠠᠴᠠ ᠪᠦᠬᠦᠨ ᠢᠶᠠᠷ ᠢᠶᠠᠨ ᠤᠬᠤᠷᠢᠨ ᠭᠠᠷᠤᠭᠰᠠᠨ ᠬᠤᠭᠤᠴᠠᠭᠠᠨ ᠳᠤ᠂ ᠰᠣᠯᠣᠩᠭᠤᠰ ᠲᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢ ᠰᠡᠷᠭᠦᠭᠡᠬᠦ ᠳᠤ ᠬᠠᠪᠰᠣᠷᠣᠭᠰᠠᠨ ᠡᠷᠡᠭᠦᠯ ᠲᠡᠩᠬᠡᠯᠡᠭᠦᠨ ᠪᠠᠶᠢᠭ᠎ᠠ ᠬᠥᠮᠦᠰ ᠪᠣᠯᠤᠨ᠎ᠠ᠃ 2020 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠨᠠᠰᠤ ᠪᠠᠷᠠᠭᠰᠠᠨ ᠨᠢ ᠲᠣᠰ ᠤᠳᠠᠭᠠᠨ ᠤ ᠣᠯᠭᠤᠬᠤ ᠬᠡᠪᠴᠢᠶᠡᠨ ᠳᠤ ᠳᠣᠲᠣᠷ᠎ᠠ ᠪᠤᠢ᠃      ᠬᠡᠳᠦᠨ ᠡᠳᠦᠷ ᠤᠨ ᠲᠤᠷᠰᠢ᠂ ᠬᠤᠲᠠ ᠲᠣᠭᠤᠷᠢᠭ ᠤᠨ ᠬᠤᠶᠠᠷ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠳᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪᠯᠡᠷᠡᠭᠦᠯᠦᠨ ᠶᠠᠷᠢᠯᠴᠠᠬᠤ ᠬᠤᠷᠠᠯ᠂ ᠭᠡᠷ ᠲᠤᠨᠢ ᠬᠦᠷᠴᠦ ᠲᠣᠬᠤᠨᠢᠭᠤᠯᠬᠤ ᠬᠡᠯᠪᠡᠷᠢ ᠪᠠᠷ ᠠᠬᠠᠮᠠᠳ ᠪᠠᠶᠢᠯᠳᠤᠭᠴᠢ ᠨᠢᠭᠡᠪᠦᠷᠢ ᠳᠤ ︽ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ︾ ᠶᠢᠨ ᠲᠤᠷᠠᠰᠬᠠᠯ ᠤᠨ ᠲᠡᠮᠳᠡᠭ ᠢ ᠲᠠᠷᠬᠠᠭᠠᠵᠤ᠂ ᠠᠬᠠᠮᠠᠳ ᠪᠠᠶᠢᠯᠳᠤᠭᠴᠢᠳ ᠲᠠᠢ ᠬᠠᠮᠲᠤ ᠲᠡᠷᠡᠬᠦ ᠮᠠᠷᠲᠠᠭᠳᠠᠰᠢ ᠦᠭᠡᠢ ᠴᠠᠭ ᠦᠶ᠎ᠡ ᠶᠢ ᠳᠤᠷᠠᠰᠤᠨ ᠰᠠᠨᠠᠭᠠᠯᠵᠠᠵᠤ᠂ ᠳᠡᠳᠡᠨ ᠤ ᠪᠠᠭᠠᠲᠤᠷᠯᠢᠭ ᠦᠯᠢᠭᠡᠷ ᠢ ᠨᠢ ᠰᠣᠨᠣᠰᠪᠠ᠃ ᠲᠡᠷᠡᠴᠢᠯᠡᠨ ᠠᠬᠠᠮᠠᠳ ᠪᠠᠶᠢᠯᠳᠤᠭᠴᠢᠳ ᠲᠤ ᠦᠨᠳᠦᠰᠦᠲᠡᠨ ᠤ ᠠᠶᠤᠯ ᠲᠦᠭᠰᠢᠭᠦᠷᠢ ᠲᠠᠢ ᠦᠶ᠎ᠡ ᠳᠤ ᠨᠠᠮ ᠪᠠ ᠠᠷᠠᠳ ᠲᠦᠮᠡᠨ ᠤ ᠦᠶ᠋ᠯᠡᠰ ᠤᠨ ᠲᠥᠯᠥᠭᠡ ᠭᠠᠷᠭᠠᠭᠰᠠᠨ ᠯᠤᠲᠤ ᠶᠡᠭᠡ ᠦᠷᠡᠭᠳᠡᠯ ᠪᠠ ᠬᠠᠷᠠᠮ ᠦᠭᠡᠢ ᠬᠤᠪᠢ ᠨᠡᠮᠡᠷᠢ ᠦᠵᠡᠭᠦᠯᠦᠭᠰᠡᠨ ᠵᠤᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠪᠡ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号