ᠦᠨᠳᠦᠰᠦᠲᠡᠨ ᠨᠦᠭᠦᠳ ᠤᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ ᠨᠢ ᠪᠥᠬᠦ ᠬᠤᠲᠠ ᠶᠢᠨ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠡᠭᠦᠳᠪᠡ — ᠮᠠᠨ ᠤ ᠬᠤᠲᠠ ᠶᠢᠨ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠲᠤᠬᠠᠶ ᠶᠡᠷᠦᠩᠬᠡᠢ ᠦᠬᠦᠯᠡᠯᠳᠡ
ᠨᠡᠶᠢᠲᠡᠯᠡᠭᠰᠡᠨ ᠴᠠᠭ᠄
2020/10/27
     ᠡᠨᠡ ᠵᠢᠯ ᠠᠴᠠ ᠨᠠᠰᠢ᠂ ᠮᠠᠨ ᠤ ᠬᠤᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠭᠤᠤᠯ ᠴᠣᠭᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠦ᠂ ᠴᠥᠭᠡᠨ ᠲᠣᠭᠠᠲᠤ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠪᠠᠷᠢᠮᠵᠢᠶᠠᠵᠢᠯᠲᠠ ᠂ ᠳᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠬᠦᠯᠪᠡ᠃      ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠦᠷᠨᠢᠭᠦᠯᠪᠡ᠃      ᠡᠨᠡ ᠵᠢᠯ ᠤᠨ 9 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠃ ᠮᠠᠨ ᠤ ᠬᠤᠲᠠ ︽ᠦᠨᠳᠦᠰᠦᠲᠡᠨ ᠤ ᠪᠦᠯᠬᠦᠮᠳᠡᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠤ᠂ ᠡᠯ᠎ᠡ ᠦᠨᠳᠦᠰᠦᠲᠡᠨ ᠤ ᠠᠷᠠᠳ ᠲᠦᠮᠡᠨ ᠭᠠᠷ ᠬᠤᠯᠪᠣᠨ ᠬᠠᠮᠲᠤᠪᠠᠷ ᠴᠢᠨᠡᠭᠡᠯᠢᠭᠵᠢᠶ᠎ᠡ︾ ᠬᠡᠬᠦ ᠭᠤᠣᠯ ᠰᠡᠳᠦᠪ ᠤᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠦᠷᠬᠦᠯᠵᠢᠯᠡᠨ ᠪᠤᠢ ᠪᠤᠯᠭᠠᠪᠠ᠃ ᠤᠯᠠᠮᠵᠢᠯᠠᠯᠲᠤ ᠤᠬᠠᠭᠤᠯᠭ᠎ᠠ ᠬᠢᠭᠰᠡᠨ ᠰᠠᠭᠤᠷᠢᠨ ᠳᠡᠭᠡᠷ᠎ᠡ᠂ ᠮᠠᠨ ᠤ ᠬᠤᠲᠠ ᠪᠠᠰᠠ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ ᠤᠨ ᠬᠥᠮᠦᠵᠢᠯ︾ ᠤᠨ ᠠᠷᠭ᠎ᠠ ᠮᠠᠶ᠋ᠢᠭ ᠢ ᠬᠡᠷᠡᠭᠯᠡᠨ᠂ ︽ᠨᠢᠭᠡ ᠯᠡ ᠵᠢᠷᠤᠭ ᠢᠶᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠩᠰᠢᠨ ᠣᠶᠢᠯᠠᠭᠠᠬᠤ︾ ᠣᠷᠳᠣ ᠵᠢᠷᠤᠭ᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠨᠢᠭᠡ ᠮᠢᠨᠦ᠋ᠲ ᠢᠶᠠᠷ ᠣᠶᠢᠯᠠᠭᠠᠬᠤ︾ ᠪᠢᠴᠢᠯ ᠸᠢᠳᠢᠣ᠋᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ︾ ᠵᠡᠷᠭᠡ ᠠᠯᠢ ᠣᠯᠠᠨ ᠤᠬᠠᠭᠤᠯᠭ᠎ᠠ ᠶᠢᠨ ᠪᠦᠲᠦᠭᠡᠭᠳᠡᠬᠦᠨ ᠢ ᠦᠢᠯᠡᠳᠦᠨ ᠵᠣᠬᠢᠶᠠᠵᠤ᠂ ᠪᠥᠬᠦ ᠬᠤᠲᠠ ᠶᠢᠨ 30 ᠭᠠᠷᠤᠶ ᠪᠢᠴᠢᠯ ᠪᠦᠷᠭᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠲᠡᠷᠢᠭᠦᠨ ᠵᠤᠷᠪᠤᠰ ᠵᠡᠷᠭᠡ ᠰᠦᠯᠵᠢᠶᠡᠨ ᠤ ᠵᠠᠭᠤᠴᠢᠯᠠᠭᠤᠷ ᠲᠤ ᠨᠡᠶᠢᠲᠡᠯᠡᠵᠦ᠂ ᠦᠵᠡᠭᠰᠡᠨ ᠤᠳᠠᠭ᠎ᠠ ᠨᠢ 3 ᠲᠦᠮᠡ ᠭᠠᠷᠤᠶ ᠤᠳᠠᠭ᠎ᠠ ᠳᠤ ᠬᠦᠷᠴᠡᠶ᠃ ᠠᠩᠬ᠎ᠠ ᠤᠳᠠᠭ᠎ᠠ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠶᠠᠷᠢᠶ᠎ᠠ ᠢᠯᠡᠳᠬᠡᠯ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠦᠯᠵᠢᠶᠡᠨ ᠳᠡᠭᠡᠷᠡᠬᠢ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠶᠢ ᠡᠷᠬᠢᠯᠡᠵᠦ᠂ ᠣᠷᠣᠯᠴᠠᠭᠰᠠᠨ ᠬᠥᠮᠦᠨ ᠤ ᠲᠤᠭ᠎ᠠ ᠨᠢ 2 ᠲᠦᠮᠡ ᠰᠢᠬᠠᠮ ᠬᠥᠮᠦᠨ ᠬᠦᠷᠪᠡ᠃ ᠭᠤᠣᠯ ᠬᠤᠲᠠ ᠲᠣᠭᠤᠷᠢᠭ ᠤᠨ ᠡᠯ᠎ᠡ ᠰᠢᠶᠠᠩ ᠪᠠᠯᠭᠠᠰᠤ᠂ ᠨᠡᠶᠢᠭᠡᠮ ᠲᠣᠭᠤᠷᠢᠭ ᠲᠤ 7 ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠬᠡᠷᠡᠮ ᠢ ᠴᠤᠭᠴᠠᠯᠠᠨ ᠪᠠᠶᠢᠭᠤᠯᠪᠠ᠃ ︽ᠬᠤᠶᠠᠷ ᠬᠠᠮᠲᠤ︾ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠠᠩ ᠪᠠᠲᠤ ᠪᠠᠬᠢ ᠪᠤᠯᠭᠠᠪᠠ᠃ ᠣᠳᠣᠬᠠᠨ ᠪᠣᠯᠲᠠᠯ᠎ᠠ᠂ ᠪᠦᠬᠦ ᠬᠤᠳᠠ ᠶᠢᠨ ᠬᠢᠨ ᠡᠯ᠎ᠡ ᠲᠦᠷᠦᠯ ᠤᠨ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠠᠵᠢᠯᠯᠠᠭ᠎ᠠ ᠶᠢ 35 ᠲᠠᠯᠠᠪᠤᠷ ᠤᠳᠠᠭ᠎ᠠ ᠥᠷᠨᠢᠭᠦᠯᠵᠡᠢ᠃      ᠦᠨᠳᠦᠰᠦᠲᠡᠨ ᠤ ᠪᠦᠯᠬᠦᠮᠳᠡᠯ ᠤᠨ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠪᠠ᠃      ᠡᠭᠦᠳᠦᠨ ᠪᠠᠶᠢᠭᠤᠯᠬᠤ ᠶᠠᠪᠤᠴᠠ ᠳᠤ᠂ ᠮᠠᠨ ᠤ ᠬᠤᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠴᠢᠶᠠᠯᠠᠪᠤᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠳᠤᠮᠳᠠᠳᠤ ᠤᠯᠤᠰ ᠤᠨ ᠦᠯᠢᠭᠡᠷ ᠢ ᠶᠡᠬᠡᠪᠡᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠤᠮᠳᠠ ᠴᠣᠯᠭᠤᠷᠠᠨ ᠭᠠᠷᠤᠭᠰᠠᠨ ᠰᠠᠶᠢᠨ ᠬᠥᠮᠦᠨ ᠰᠠᠶᠢᠨ ᠶᠠᠪᠤᠳᠠᠯ ᠪᠠ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠪᠦᠯᠬᠦᠮᠳᠡᠨ ᠬᠠᠪᠰᠤᠷᠤᠯᠴᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠲᠤᠬᠠᠢ ᠲᠥᠪᠯᠡᠩᠭᠦᠢ ᠬᠦᠴᠦᠨ ᠪᠠ ᠵᠦᠪᠰᠢᠶᠡᠷᠡᠭᠳᠡᠬᠦᠢ ᠣᠬᠠᠮᠰᠠᠷ ᠢ ᠦᠨᠡᠨ ᠬᠦ ᠪᠠᠬᠢᠵᠢᠭᠦᠯᠵᠦ᠂ ︽ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠦᠮᠦᠨ ᠮᠡᠲᠦ ᠳᠣᠲᠣᠨᠣ︾ ᠪᠠᠶᠢᠬᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠠ ︽ᠬᠤᠲᠠ ᠪᠣᠯ ᠮᠢᠨᠦ ᠭᠡᠷ ᠮᠥᠨ᠂ ᠵᠣᠯ ᠵᠢᠷᠭᠠᠯ ᠨᠢ ᠣᠯᠠᠨ ᠢ ᠲᠦᠰᠢᠭᠯᠡᠨ᠎ᠡ︾ ᠭᠡᠬᠦ ᠬᠤᠲᠠ ᠶᠢᠨ ᠣᠶᠢᠯᠠᠭᠠᠭᠳᠠᠬᠤᠨ ᠢ ᠪᠤᠢ ᠪᠤᠯᠭᠠᠪᠠ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠥᠷᠨᠢᠬᠦ ᠶᠢ ᠲᠠᠭᠠᠯᠳᠣᠨ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠮᠡᠳᠡᠬᠦ ᠨᠣᠷᠮ᠎ᠠ᠂ ᠣᠷᠣᠯᠴᠠᠬᠤ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠣᠳᠣᠬᠠᠨ ᠳᠤ᠂ ᠨᠢᠭᠡᠨᠲᠡ ᠨᠠᠢᠮᠠᠳᠣᠭᠠᠷ ᠪᠦᠯᠦᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ᠂ ᠵᠢᠷᠭᠤᠳᠤᠭᠠᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ ᠲᠠᠨᠢᠯᠴᠠᠭᠤᠯᠬᠤ ᠠᠵᠢᠯ ᠢ ᠪᠡᠶᠡᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠬᠦ ᠨᠢᠭᠡᠴᠡ ᠶᠢ 2 ᠡᠷᠦᠬᠡ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ 7 ᠡᠷᠦᠭᠡ ᠲᠠᠨᠢᠯᠴᠠᠭᠤᠯᠪᠠ᠃ ᠣᠳᠣ ᠪᠦᠬᠦ ᠬᠤᠲᠠ ᠳᠤ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠨᠢᠭᠡᠴᠡ 32 ᠪᠤᠢ᠂ ᠲᠡᠬᠦᠨ ᠤ ᠲᠤᠲᠤᠷ᠎ᠠ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠨᠢᠭᠡᠴᠡ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠨᠢᠭᠡᠴᠡ 14᠂ ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠨᠢᠭᠡᠴᠡ 16 ᠪᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠳᠣᠯᠤᠭ᠎ᠠ ᠶᠢ ᠣᠷᠣᠭᠤᠯᠬᠤ︾ ᠪᠣᠶ ᠪᠥᠬᠦᠶ ᠨᠢᠭᠡᠴᠡ ᠶᠢ ᠬᠠᠮᠤᠷᠪᠠ᠃      ᠡᠯ᠎ᠡ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠪᠠ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠮᠠᠨ ᠤ ᠬᠤᠲᠠ ᠪᠠᠰᠠ ᠴᠥᠭᠡᠨ ᠲᠣᠭᠠᠲᠤ ᠦᠨᠳᠦᠰᠦᠲᠡᠨ ᠢ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠤᠨ ᠳᠤᠮᠳᠠᠬᠢ ᠬᠦᠴᠢᠷᠳᠡᠯ ᠢ ᠦᠨᠡᠨ ᠬᠦ ᠰᠢᠢᠳᠪᠦᠷᠢᠯᠡᠪᠡ᠃      ᠮᠠᠨ ᠤ ᠬᠤᠲᠠ ᠴᠥᠭᠡᠨ ᠲᠣᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠡᠶ ᠡᠷᠦᠬᠡ ᠳᠤ ᠨᠠᠭᠠᠳᠤ ᠵᠠᠬ᠎ᠠ  ᠶᠢᠨ ᠪᠠᠲᠤᠯᠠᠭ᠎ᠠ ᠭᠤᠶᠤᠴᠢᠯᠠᠬᠤ᠂ ᠲᠣᠬᠤᠨᠢᠭᠤᠯᠬᠤ ᠮᠥᠩᠭᠦ ᠲᠠᠷᠬᠠᠭᠠᠬᠤ᠂ ᠬᠢᠮᠳᠠ ᠲᠦᠷᠢᠶᠡᠰᠦᠨ ᠭᠡᠷ ᠪᠠᠶᠢᠰᠢᠩ ᠢ ᠰᠢᠢᠳᠪᠦᠷᠢᠯᠡᠬᠦ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠲᠤ ᠰᠦᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠢᠴᠢ ᠡᠷᠡᠭᠦᠯ ᠮᠡᠨᠳᠦ ᠶᠢᠨ ᠵᠥᠪᠯᠡᠯᠭᠡ ᠥᠭᠬᠦ ᠠᠵᠢᠯᠯᠠᠭ᠎ᠠ ᠶᠢ ᠥᠷᠨᠢᠭᠦᠯᠪᠡ︔ ᠴᠥᠭᠡᠨ ᠲᠣᠭᠠᠲᠤ ᠦᠨᠳᠦᠰᠦᠲᠡᠨ ᠤ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠣᠯᠠᠨ ᠲᠦᠮᠡᠨ ᠳᠤ ᠦᠨᠳᠦᠰᠦᠲᠡᠨ ᠤ ᠪᠦᠷᠢᠯᠲᠦᠬᠦᠨ ᠢ ᠬᠤᠪᠢᠷᠠᠭᠤᠯᠬᠤ᠂ ᠴᠥᠭᠡᠨ ᠲᠣᠭᠠᠲᠤ ᠦᠨᠳᠦᠰᠦᠲᠡᠨ ᠤ ᠤᠶᠤᠲᠠᠳ ᠤᠨ ᠪᠠᠯᠠ ᠮᠥᠩᠭᠦ ᠪᠠᠷ ᠲᠤᠰᠠᠯᠠᠬᠤ ᠮᠦᠩᠬᠦ ᠶᠢ ᠭᠤᠶᠤᠴᠢᠯᠠᠨ ᠠᠪᠬᠤ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠤᠰ ᠬᠡᠯᠡᠨ ᠤ ᠫᠠᠶᠢᠰᠠ ᠢᠯᠡᠷᠬᠡᠶᠢᠯᠡᠯ ᠢ ᠬᠢᠨᠠᠨ ᠵᠥᠪᠰᠢᠶᠡᠷᠡᠬᠦ ᠵᠢᠴᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠵᠡᠷᠭᠡ ᠳᠤ ︽ᠨᠢᠭᠡ ᠦᠷᠳᠡᠭᠡᠴᠢᠯᠡᠭᠰᠡᠨ ᠮᠠᠶ᠋ᠢᠭ ︾ ᠤᠨ ᠦᠢᠯᠡᠴᠢᠯᠡᠭᠡ ᠬᠠᠩᠭᠠᠪᠠ︔ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠠᠵᠢᠯ ᠣᠯᠭᠤᠯᠳᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠠᠬ᠎ᠠ ᠳᠡᠭᠦᠤ ᠨᠡᠷ ᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠠᠵᠢᠯ ᠣᠯᠭᠤᠯᠳᠠ ᠶᠢᠨ ᠬᠡᠪᠴᠢᠶ᠎ᠡ ᠶᠢ ᠨᠢ ᠦᠷᠭᠡᠳᠭᠡᠪᠡ︔ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠠᠯᠠᠱᠠᠨ ᠠᠶᠢᠮᠠᠭ ᠯᠤᠭ᠎ᠠ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠳᠠ ᠶᠢᠨ ᠣᠷᠣᠨ ᠪᠦᠰᠡ ᠠᠯᠤᠰᠯᠠᠨ ᠵᠣᠬᠢᠴᠠᠭᠤᠯᠤᠨ ᠬᠠᠮᠲᠤᠷᠠᠯᠴᠠᠬᠤ ᠵᠥᠪᠯᠡᠯᠴᠡᠭᠡᠷ ᠲᠣᠭᠲᠠᠪᠠ︔ ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠲᠥᠯᠥᠪᠵᠢᠭᠦᠯᠭᠡ︾ ᠵᠡᠷᠭᠡ ᠬᠤᠯᠪᠤᠭᠳᠠᠯ ᠪᠥᠬᠦᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠪᠦᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠳᠤ ᠠᠳᠠᠯᠢ ᠲᠡᠭᠰᠢ ᠦᠢᠯᠡᠴᠢᠯᠡᠭᠡ ᠬᠠᠩᠭᠠᠪᠠ᠃      ᠲᠥᠷᠥᠯ ᠵᠦᠢᠯ ᠢᠶᠠᠷ ᠳᠠᠶᠢᠴᠢᠯᠠᠬᠤ᠂ ᠪᠡᠯᠡ ᠮᠥᠩᠭᠦ ᠪᠠᠷ ᠲᠡᠳᠬᠦᠬᠦ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠬᠤᠲᠠ ᠴᠥᠭᠡᠨ ᠲᠣᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠢᠯᠡᠳᠪᠦᠷᠢᠯᠡᠯ ᠠᠮᠢᠲᠤᠷᠠᠯ ᠤᠨ ᠬᠥᠭᠵᠢᠯᠲᠡ ᠶᠢᠨ ᠳᠤᠲᠠᠭᠤᠳᠠᠯ ᠢ ᠲᠠᠰᠤᠷᠠᠯᠲᠠ ᠥᠬᠡᠶ ᠨᠥᠬᠦᠪᠥᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠦᠨᠡᠨ ᠬᠦ ᠪᠠᠲᠤᠯᠠᠪᠠ᠃ ᠡᠨᠡ ᠵᠢᠯ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ 506 ᠲᠦᠮᠡᠨ ᠲᠥᠭᠦᠷᠢᠭ᠂ ᠦᠨᠳᠦᠰᠦᠲᠡᠨ ᠤ ᠠᠵᠢᠯ ᠤᠨ ᠲᠤᠰᠬᠠᠢ ᠲᠥᠷᠥᠯ ᠤᠨ ᠵᠠᠷᠤᠳᠠᠯ ᠢ 150 ᠲᠦᠮᠡᠨ ᠲᠥᠭᠦᠷᠢᠭ ᠴᠢᠷᠮᠠᠶᠢᠨ ᠣᠯᠪᠠ᠃ ᠴᠢᠷᠮᠠᠶᠢᠨ ᠣᠯᠤᠭᠰᠠᠨ ᠪᠡᠯᠡ ᠮᠥᠩᠭᠦ ᠪᠠᠨ ᠠᠰᠢᠭᠯᠠᠨ᠂ ᠮᠠᠨ ᠤ ᠬᠤᠲᠠ ᠰᠤᠪᠠᠭ ᠤᠨ ᠰᠢᠰᠲ᠋ᠧᠮ ᠢ ᠰᠡᠯᠪᠢᠨ ᠵᠠᠰᠠᠵᠤ ᠥᠭᠡᠷᠡᠴᠢᠯᠡᠬᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ 4 ᠲᠥᠷᠥᠯ ᠵᠦᠢᠯ ᠢ ᠬᠡᠷᠡᠭᠵᠢᠭᠦᠯᠵᠦ᠂ 4523 ᠨᠡᠷᠡᠰ ᠦᠨᠳᠦᠰᠦᠲᠡᠨ ᠤ ᠣᠯᠠᠨ ᠲᠦᠮᠡᠨ ᠳᠤ ᠠᠰᠢᠭ ᠬᠦᠷᠲᠡᠭᠡᠵᠦ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ 261 ᠬᠥᠮᠦᠨ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠬᠡ 239 ᠬᠥᠮᠦᠨ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠢᠨᠠᠷ ᠰᠠᠶᠢᠲᠠᠶ ᠶᠠᠳᠠᠭᠤ ᠠᠴᠠ ᠠᠩᠭᠢᠵᠢᠷᠠᠬᠤ ᠳᠤ ᠬᠦᠴᠦᠨ ᠨᠡᠮᠡᠷᠢᠯᠡᠪᠡ᠃      ᠡᠭᠦᠨ ᠠᠴᠠ ᠭᠠᠳᠠᠨ᠎ᠠ᠂ ᠮᠠᠨ ᠤ ᠬᠤᠲᠠ ᠪᠠᠰᠠ ᠮᠣᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡ ᠶᠢ ᠢᠳᠡᠪᠬᠢᠳᠡᠢ ᠰᠠᠶᠢᠲᠤᠷ ᠬᠢᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠪᠦᠬᠦ ᠬᠤᠲᠠ ᠶᠢᠨ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠤᠰ ᠬᠡᠯᠡᠨ ᠤ ᠫᠠᠶᠢᠰᠠ ᠢᠯᠡᠷᠬᠡᠶᠢᠯᠡᠯ ᠢ ᠬᠢᠨᠠᠨ ᠵᠥᠪᠰᠢᠶᠡᠷᠡᠬᠦ ᠳᠤ ︽ᠰᠦᠯᠵᠢᠶᠡᠨ ᠳᠡᠭᠡᠷ᠎ᠡ ᠬᠦᠢᠴᠡᠳᠭᠡᠬᠦ + ᠲᠤᠬᠠᠶ ᠶᠢᠨ ᠲᠠᠯᠠᠪᠤᠷ ᠲᠤ ᠬᠦᠢᠴᠡᠳᠭᠡᠬᠦ︾ ᠶᠢ ᠪᠡᠶᠡᠯᠡᠭᠦᠯᠵᠦ᠂ ᠬᠢᠨᠠᠨ ᠬᠠᠷᠭᠤᠭᠤᠯᠬᠤ ᠭᠤᠭᠴᠤᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠫᠠᠶᠢᠰᠠ ᠢᠯᠡᠷᠬᠡᠶᠢᠯᠡᠯ ᠢ ︽ᠭᠠᠭᠴᠠ ᠨᠢᠭᠡᠴᠡ ᠳᠤ ᠬᠦᠢᠴᠡᠳᠭᠡᠬᠦ︾ ᠮᠦᠷᠳᠡᠭᠡᠨ ︽ᠬᠠᠮᠤᠭ ᠤᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠡᠭᠦᠨ ᠤ ᠬᠠᠮᠲᠤ᠂ ᠪᠠᠰᠠ ᠮᠣᠩᠭᠤᠯ ᠬᠡᠯᠡᠨ ᠤ ᠣᠷᠴᠢᠭᠤᠯᠤᠭᠴᠢ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ᠂ ᠬᠠᠤᠯᠢ ᠬᠡᠷᠡᠭᠵᠢᠭᠦᠯᠦᠭᠴᠢ ᠶᠢᠨ ︽ᠭᠤᠷᠪᠠᠨ ᠡᠩᠨᠡᠭᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠯᠤᠭ᠎ᠠ ᠨᠢᠭᠲᠠ ᠬᠠᠮᠵᠢᠯᠴᠠᠨ᠂ ᠬᠠᠮᠲᠤᠷᠠᠨ ᠬᠠᠤᠯᠢ ᠬᠡᠷᠡᠭᠵᠢᠭᠦᠯᠵᠦ᠂ ᠪᠦᠬᠦ ᠬᠤᠲᠠ ᠶᠢᠨ ᠵᠡᠭᠡᠯᠢ ᠭᠤᠳᠤᠮᠵᠢ ᠶᠢᠨ ᠫᠠᠶᠢᠰᠠ ᠢᠯᠡᠷᠬᠡᠶᠢᠯᠡᠯ ᠢ 2 ᠤᠳᠠᠭ᠎ᠠ ᠮᠥᠷᠳᠡᠨ ᠪᠠᠶᠢᠴᠠᠭᠠᠵᠤ᠂ ᠪᠦᠬᠦ ᠬᠤᠲᠠ ᠶᠢᠨ ᠭᠤᠤᠯ ᠪᠣᠯᠬᠤ ᠵᠡᠭᠡᠯᠢ ᠭᠤᠳᠤᠮᠵᠢ ᠶᠢᠨ 1909 ᠬᠡᠰᠡᠭ ᠫᠠᠶᠢᠰᠠ ᠢᠯᠡᠷᠬᠡᠶᠢᠯᠡᠯ ᠤᠨ ᠮᠣᠩᠭᠤᠯ ᠬᠢᠳᠡᠳ ᠦᠰᠦᠭ ᠢ ᠵᠡᠷᠭᠡᠪᠡᠷ ᠬᠡᠷᠡᠭᠯᠡᠭᠰᠡᠨ ᠪᠠᠶᠢᠳᠠᠯ ᠢ ᠪᠠᠶᠢᠴᠠᠭᠠᠵᠤ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃      ᠮᠠᠨ ᠤ ᠬᠤᠲᠠ ᠪᠠᠰᠠ ᠮᠣᠩᠭᠤᠯ ᠦᠭᠡ ᠬᠡᠯᠡ ᠦᠰᠦᠭ ᠪᠢᠴᠢᠭ ᠰᠤᠷᠤᠯᠴᠠᠬᠤ ᠠᠵᠢᠯᠯᠠᠭ᠎ᠠ ᠥᠷᠨᠢᠭᠦᠯᠵᠦ᠂ ︽ᠰᠡᠴᠡᠨ ᠪᠠᠭᠰᠢ ᠮᠣᠩᠭᠤᠯ ᠦᠭᠡ ᠶᠠᠷᠢᠬᠤ︾ ᠪᠤᠯᠤᠩ ᠭᠠᠷᠭᠠᠵᠤ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠮᠣᠩᠭᠤᠯ ᠬᠡᠯᠡᠨ ᠤ ᠪᠣᠯᠪᠠᠰᠤᠷᠠᠯ ᠤᠨ ᠠᠩᠭᠢ᠂ ᠮᠣᠩᠭᠤᠯ ᠤᠷᠠᠨ ᠪᠢᠴᠢᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠳᠥᠭᠦᠮ ᠦᠵᠡᠬᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ ᠠᠭᠢᠭᠤᠯᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号