ᠲᠡᠦᠭᠡᠨ ᠣᠯᠠᠷᠢᠯ ︵ᠬᠤᠷᠢᠨ ᠬᠤᠶᠠᠷ︶ | 2005 ᠤᠨ | 1 ᠰᠠᠷ᠎ᠠ ᠶᠢᠨ 5 ᠤ ᠡᠳᠦᠷ᠂ ᠦᠬᠠᠢ ᠬᠤᠳᠠ ᠶᠢᠨ ᠠᠩᠬᠠᠨ ᠤ ᠬᠤᠪᠢ ᠤᠷᠤᠢ ᠶᠢᠨ ᠰᠤᠨᠢᠨ ︽ᠦᠬᠠᠢ ᠶᠢᠨ | ᠡᠳᠦᠷ ᠤᠨ ᠰᠤᠨᠢᠨ᠂ ᠤᠷᠤᠢ ᠶᠢᠨ ᠰᠤᠨᠢᠨ ᠤ ᠬᠡᠪ︾ ᠲᠠᠷᠬᠠᠭᠠᠭᠳᠠᠪᠠ᠂ ᠪᠦᠬᠦᠳᠡ ᠲᠦᠷᠪᠡᠨ ᠬᠠᠭᠤᠳᠠᠰᠤ ᠠᠷ᠊ ᠪᠠᠨ | ᠵᠢᠷᠭᠤᠭᠠᠨ ᠨᠢᠭᠤᠷ᠂ ᠭᠠᠷᠠᠭ ᠪᠦᠷᠢ ᠭᠤᠷᠪᠠᠨ ᠬᠤᠭᠤᠴᠠᠭ᠎ᠠ᠂ ᠪᠤᠳᠤᠭᠳᠤ ᠪᠠᠷ ᠢᠶᠠᠷ ᠬᠡᠪᠯᠡᠪᠡ᠃ | 1 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠷᠪᠠᠳᠤᠭᠠᠷ | ᠠᠵᠤ ᠦᠢᠯᠡᠰ ᠤᠨ ᠭᠤᠤᠯᠳᠠᠯᠭᠠᠳᠤ ᠲᠦᠷᠦᠯ ᠵᠦᠢᠯ— ᠦᠬᠠᠢ ᠬᠤᠳᠠ ᠶᠢᠨ ᠰᠢᠨ ᠲᠢᠶᠡᠨ ᠳ᠋ᠢ ᠲᠠᠷᠢᠶᠠᠯᠠᠩ ᠤᠨ | ᠪᠦᠳᠦᠭᠡᠭᠳᠡᠭᠦᠨ ᠤ ᠪᠦᠬᠡᠮ ᠢᠶᠠᠷ ᠬᠤᠳᠠᠯᠳᠤᠬᠤ ᠵᠠᠬ᠎ᠠ ᠲᠡᠯᠭᠡᠭᠦᠷ ᠤᠨ ᠲᠠᠷᠢᠶᠠᠯᠠᠩ ᠠᠷᠠᠯᠵᠢᠶᠠᠨ ᠤ ᠶᠡᠭᠡ ᠲᠢᠩᠭᠢᠮ | ᠡᠬᠦᠳᠡ ᠪᠠᠨ ᠨᠡᠭᠡᠭᠡᠵᠡᠢ᠃ | 2 ᠰᠠᠷ᠎ᠠ ᠶᠢᠨ 24 ~ 27 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠵᠢᠷᠭᠤᠳᠤᠭᠠᠷ ᠬᠤᠭᠤᠴᠠᠭᠠᠨ ᠤ ᠬᠡᠰᠢᠭᠦᠳ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠷᠠᠯ | ᠢᠶᠠᠷ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠳᠡ ᠪᠠ ᠰᠠᠨᠠᠯ | ᠲᠤᠷᠠᠳᠤᠯᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠪᠠᠳᠤᠯᠠᠪᠡ᠃ | 2 ᠰᠠᠷ᠎ᠠ ᠶᠢᠨ 25 ~ 29 ᠤ ᠡᠳᠦᠷ᠂ ᠦᠬᠠᠢ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠬᠤᠷᠠᠯ ᠠᠴᠠ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠳᠡ᠂ ᠠᠷᠠᠳ ᠤᠨ | ᠲᠦᠯᠦᠭᠡᠯᠡᠭᠴᠢᠳ ᠤᠨ ᠪᠠᠶᠢᠩᠭᠤ ᠶᠢᠨ ᠵᠦᠪᠯᠡᠯ᠂ ᠬᠡᠰᠢᠭᠦᠳ ᠤᠨ ᠠᠵᠢᠯ ᠤᠨ ᠮᠡᠳᠡᠭᠦᠯᠦᠯᠳᠡ᠂ ᠦᠬᠠᠢ ᠬᠤᠳᠠ ᠶᠢᠨ | ᠲᠤᠮᠳᠠ ᠵᠡᠷᠭᠡ ᠶᠢᠨ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ | ᠮᠡᠳᠡᠭᠦᠯᠦᠯᠳᠡ ᠶᠢ ᠰᠤᠨᠤᠰᠴᠤ᠂ ᠬᠢᠨᠠᠨ ᠶᠠᠷᠢᠯᠴᠠᠵᠤ᠂ ᠪᠠᠳᠤᠯᠠᠵᠠᠢ᠃ | 3 ᠰᠠᠷ᠎ᠠ ᠶᠢᠨ 30 ᠤ ᠡᠳᠦᠷ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠴᠢᠮᠡᠭᠡ ᠨᠡᠪᠳᠡᠷᠡᠭᠦᠯᠭᠡ | ᠶᠢᠨ ᠶᠡᠷᠦᠩᠬᠡᠢ ᠦᠷᠳᠡᠭᠡᠨ ᠤ ᠬᠤᠶᠠᠳᠤᠭᠠᠷ ᠬᠤᠸᠠᠷᠠᠨ ᠤ ᠲᠤᠯᠤᠳᠤᠭᠠᠷ ᠠᠩᠭᠢ ᠦᠬᠠᠢ ᠳᠤ ᠰᠢᠯᠵᠢᠨ ᠢᠷᠡᠵᠦ | ᠬᠠᠮᠠᠭᠠᠯᠠᠯᠳᠠ ᠬᠢᠬᠦ ᠪᠤᠯᠵᠠᠢ᠃ | 4 ᠰᠠᠷ᠎ᠠ ᠶᠢᠨ 26 ᠤ ᠡᠳᠦᠷ᠂ ᠦᠬᠠᠢ ᠬᠤᠳᠠ ᠶᠢᠨ ᠬᠠᠶᠢᠨᠠᠨ ᠲᠤᠭᠤᠷᠢᠭ ᠺᠠᠩ ᠬᠠᠢ ᠨᠡᠭᠦᠷᠡᠰᠦᠨ | ᠠᠭᠤᠷᠬᠠᠢ ᠳᠤ ᠭᠠᠰ ᠬᠡᠢ ᠶᠢᠨ ᠲᠡᠯᠪᠡᠷᠡᠯᠳᠡ ᠡᠭᠦᠰᠴᠦ᠂ ᠬᠤᠳᠳᠤᠭ ᠲᠤᠤᠷ᠎ᠠ ᠠᠵᠢᠯ ᠬᠢᠵᠦ ᠪᠠᠶᠢᠭᠰᠠᠨ 13 ᠬᠦᠮᠦᠨ | ᠤ 12 ᠬᠦᠮᠦᠨ ᠨᠢ ᠠᠳᠡᠵᠡᠢ᠃ | 5 ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ | ᠵᠤᠬᠢᠶᠠᠨ ᠪᠠᠶᠢᠭᠤᠯᠬᠤ ᠬᠡᠯᠳᠡᠰ᠂ ᠡᠪ ᠬᠠᠮᠳᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ ᠠᠴᠠ ᠰᠤᠩᠭᠤᠨ | ᠲᠤᠮᠢᠯᠠᠭᠰᠠᠨ ᠳ᠋ᠤᠺᠲ᠋ᠤᠷ ᠤᠨ ᠦᠢᠯᠡᠴᠢᠯᠡᠭᠡᠨ ᠤ ᠪᠦᠯᠬᠦᠮ ᠦᠬᠠᠢ ᠳᠤ ᠢᠷᠡᠵᠦ᠂ ᠤᠷᠤᠨ ᠪᠦᠰᠡ ᠶᠢᠨ ᠠᠵᠤ ᠠᠬᠤᠢ | ᠶᠢᠨ ᠬᠦᠭᠵᠢᠯᠳᠡ ᠶᠢᠨ ᠲᠤᠰᠬᠠᠢ ᠰᠡᠳᠦᠪ ᠢᠶᠠᠷ ᠮᠡᠳᠡᠭᠦᠯᠦᠯᠳᠡ ᠬᠢᠵᠦ᠂ ᠤᠳᠠ᠂ ᠬᠠᠶᠢᠨᠠᠨ ᠬᠤᠶᠠᠷ ᠲᠤᠭᠤᠷᠢᠭ ᠤᠨ | ᠠᠵᠤ ᠦᠢᠯᠡᠳᠪᠦᠷᠢ ᠶᠢᠨ ᠬᠦᠷᠢᠶᠡᠯᠡᠩ ᠢᠶᠠᠷ ᠲᠤᠭᠤᠷᠢᠨ ᠦᠵᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠳ ᠲᠠᠢ ᠰᠠᠭᠤᠳᠠᠯ ᠤᠨ ᠬᠤᠷᠠᠯ ᠬᠢᠵᠡᠢ᠃ | 5 ᠰᠠᠷ᠎ᠠ ᠶᠢᠨ 25 ~ 26 ᠤ ᠡᠳᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠪᠠᠶᠢᠩᠭᠤ | ᠶᠢᠨ ᠬᠤᠷᠢᠶᠠᠨ ᠤ ᠡᠳ᠋ ᠤᠨ ᠵᠠᠰᠠᠭ ᠤᠨ ᠵᠦᠪᠯᠡᠯ ᠤᠨ ᠡᠷᠭᠢᠯᠡᠭᠴᠢ ᠭᠡᠰᠢᠬᠦᠨ ᠹᠦ᠋ ᡁᠢ ᠬᠤᠸᠠᠨ ᠪᠤᠯᠤᠨ ᠠᠶᠤᠯᠬᠦᠢ | ᠦᠢᠯᠡᠳᠪᠦᠷᠢᠯᠡᠯ ᠳᠤ ᠬᠠᠦᠯᠢ ᠬᠡᠷᠡᠭᠵᠢᠭᠦᠯᠬᠦ ᠪᠠᠶᠢᠴᠠᠭᠠᠯᠳᠠ ᠬᠢᠵᠡᠢ᠃ ᠫᠢᠩ ᠭᠸᠦ ᠨᠡᠭᠦᠷᠡᠰᠦᠨ ᠠᠭᠤᠷᠬᠠᠢ ᠪᠠ | ᠲᠡᠮᠡᠭᠡᠳᠦ ᠠᠭᠤᠯᠠ ᠶᠢᠨ ᠠᠭᠤᠷᠬᠠᠢ ᠶᠢᠨ ᠤᠷᠤᠨ ᠢᠶᠠᠷ ᠪᠠᠶᠢᠴᠠᠭᠠᠯᠳᠠ ᠬᠢᠵᠦ᠂ ᠦᠬᠠᠢ ᠬᠤᠳᠠ ᠶᠢᠨ ᠠᠶᠤᠯᠬᠦᠢ | ᠦᠢᠯᠡᠳᠪᠦᠷᠢᠯᠡᠯ ᠤᠨ ᠠᠵᠢᠯ ᠤᠨ ᠮᠡᠳᠡᠭᠦᠯᠦᠯᠳᠡ ᠶᠢ ᠰᠤᠨᠤᠰᠴᠤ᠂ ᠠᠭᠤᠷᠬᠠᠢ ᠶᠢᠨ ᠠᠵᠢᠯᠴᠢᠳ ᠲᠠᠢ ᠶᠠᠷᠢᠯᠴᠠᠵᠤ᠂ | ᠶᠠᠳᠠᠭᠤ ᠬᠦᠴᠢᠷᠳᠡᠯ ᠲᠠᠢ ᠠᠵᠢᠯᠴᠢᠳ ᠢ ᠲᠤᠬᠤᠨᠢᠭᠤᠯᠵᠠᠢ᠃ | 5 ᠰᠠᠷ᠎ᠠ ᠶᠢᠨ 28 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠤᠯᠳᠠᠯᠭᠠᠳᠤ | ᠲᠦᠷᠦᠯ ᠵᠦᠢᠯ— ᠵᠦᠩ ᠰᠢᠩ ᠪᠦᠯᠦᠭᠯᠡᠯ ᠤᠨ ᠲᠢᠶᠠᠨ ᠰᠢᠨ ᠺᠤᠮᠫᠠᠨᠢ ᠵᠢᠯ ᠳᠤ 40 ᠲᠦᠮᠡᠨ ᠲᠤᠨ | ᠦᠢᠯᠡᠳᠪᠦᠷᠢᠯᠡᠬᠦ ᠠᠷᠢᠭᠤᠨ ᠴᠡᠪᠡᠷ ᠬᠡᠯᠪᠡᠷᠢ ᠶᠢᠨ ᠲᠠᠭᠳᠠᠷᠰᠢᠭᠤᠯᠤᠭᠰᠠᠨ ᠬᠡᠦᠷᠡᠰᠦᠨ ᠵᠤᠤᠬ᠎ᠠ ᠪᠠᠶᠢᠭᠤᠯᠤᠭᠳᠠᠵᠤ | ᠠᠰᠢᠭᠯᠠᠯᠳᠠ ᠳᠤ ᠤᠷᠤᠪᠠ᠃ | 6 ᠰᠠᠷ᠎ᠠ ᠶᠢᠨ 13 ᠤ ᠡᠳᠦᠷ᠂ ᠬᠠᠳᠤᠨ ᠭᠤᠤᠯ ᠦᠢᠯᠡᠳᠪᠦᠷᠢ ᠠᠷᠠᠯᠵᠢᠶᠠᠨ ᠤ ᠪᠦᠯᠦᠭᠯᠡᠯ ᠤᠨ ᠸᠠᠨ ᠲᠧᠩ | ᠪᠤᠯᠤᠳ ᠲᠡᠮᠦᠷ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠪᠤᠰᠤᠭ᠎ᠠ ᠵᠤᠤᠬ᠎ᠠ ᠶᠢᠨ ᠬᠤᠪᠢᠶᠠᠷᠢ | ᠦᠢᠯᠡᠳᠪᠦᠷᠢ ᠨᠡᠭᠦᠷᠡᠰᠦᠨ ᠬᠡᠢ ᠯᠡᠪᠡᠷᠡᠭᠰᠡᠨ ᠬᠡᠷᠡᠭ ᠭᠠᠷᠴᠤ᠂ 6 ᠬᠦᠮᠦᠨ ᠬᠤᠤᠷᠳᠠᠭᠳᠠᠵᠤ᠂ 3 ᠬᠦᠮᠦᠨ ᠠᠳᠡᠵᠡᠢ᠃ | 6 ᠰᠠᠷ᠎ᠠ ᠶᠢᠨ 16 ᠤ ᠡᠳᠦᠷ᠂ ᠤᠯᠤᠰ ᠤᠨ GEF — OP12 ︵ᠤᠯᠤᠰ ᠠᠴᠠ ᠪᠦᠬᠦ ᠪᠦᠮᠪᠦᠷᠴᠡᠭ | ᠤᠨ ᠤᠷᠴᠢᠨ ᠲᠤᠭᠤᠷᠢᠨ ᠤ ᠰᠠᠭᠤᠷᠢ ᠮᠦᠩᠭᠦ ᠬᠠᠨᠳᠢᠪᠯᠡᠵᠦ ᠭᠠᠵᠠᠷ ᠰᠢᠷᠦᠢ ᠮᠠᠭᠤᠳᠠᠵᠤ ᠪᠠᠶᠢᠬᠤ ᠶᠢ ᠰᠡᠷᠭᠡᠶᠢᠯᠡᠨ | ᠵᠠᠰᠠᠬᠤ ᠲᠦᠷᠦᠯ ᠵᠦᠢᠯ︶ ᠲᠦᠷᠦᠯ ᠵᠦᠢᠯ ᠤᠨ ᠠᠯᠪᠠᠨ ᠬᠡᠷ ᠤᠨ ᠬᠦᠢᠴᠡᠳᠭᠡᠭᠴᠢ ᠬᠠᠮᠢᠶᠠᠷᠤᠭᠴᠢ ︵ᠲᠠᠭᠠᠭᠠᠮᠠᠯ︶ | ᠵᠠᠩ ᠸᠧᠢ ᠳ᠋ᠦᠩ ᠨᠠᠷ ᠦᠬᠠᠢ ᠬᠤᠳᠠ ᠶᠢᠨ ᠤᠳᠠ ᠶᠢᠨ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠢᠰᠲ᠋ᠧᠮ | ᠤᠨ ᠶᠡᠷᠦᠩᠭᠡᠶᠢᠯᠡᠨ ᠬᠠᠮᠢᠶᠠᠷᠬᠤ ᠵᠢᠱᠢᠶ᠎ᠡ ᠦᠵᠡᠬᠦᠯᠬᠦ ᠲᠦᠷᠦᠯ ᠵᠦᠢᠯ ᠳᠤ ᠪᠠᠶᠢᠴᠠᠭᠠᠨ ᠰᠤᠳᠤᠯᠤᠯᠳᠠ ᠬᠢᠵᠡᠢ᠂ | ᠪᠠᠶᠢᠴᠠᠭᠠᠨ ᠰᠤᠳᠤᠯᠤᠯᠳᠠ ᠶᠢᠨ ᠲᠠᠷᠠᠭ᠎ᠠ 18 ᠲᠦᠷᠦᠯ ᠵᠦᠢᠯ ᠢ ᠲᠤᠭᠳᠠᠭᠠᠵᠤ᠂ ᠤᠳᠠ ᠲᠤᠭᠤᠷᠢᠭ ᠤᠨ ᠤᠯᠠᠭᠠᠨ | ᠰᠢᠶᠠᠩ ᠲᠦᠷᠦᠯ ᠵᠦᠢᠯ ᠢ ᠶᠠᠪᠤᠭᠳᠠᠭᠤᠯᠬᠤ ᠤᠷᠤᠨ ᠪᠤᠯᠭᠠᠬᠤ ᠪᠠᠷ ᠲᠤᠭᠳᠠᠭᠠᠵᠠᠢ᠃ | 6 ᠰᠠᠷ᠎ᠠ ᠶᠢᠨ 26 ᠤ ᠡᠳᠦᠷ᠂ ᠲᠡᠯᠡᠬᠡᠢ ᠶᠢᠨ ᠬᠤᠤᠷ ᠴᠠᠭᠠᠵᠠᠯᠠᠬᠤ ᠡᠳᠦᠷ᠂ ᠦᠬᠠᠢ ᠬᠤᠳᠠ ᠶᠢᠨ ᠪᠦᠬᠦ | ᠠᠷᠠᠳ ᠲᠤ ᠬᠤᠤᠷ ᠴᠠᠭᠠᠵᠠᠯᠠᠬᠤ ᠬᠦᠮᠦᠵᠢᠯ ᠢ ᠤᠬᠠᠭᠤᠯᠬᠤ ᠬᠦᠳᠡᠯᠭᠡᠭᠡᠨ ᠡᠬᠢᠯᠡᠭᠦᠯᠵᠡᠢ᠂ ᠡᠬᠢᠯᠡᠯᠳᠡ ᠶᠢᠨ ᠶᠤᠰᠤᠯᠠᠯ | ᠲᠡᠭᠡᠷ᠎ᠡ ᠤᠶᠢᠷ᠎ᠡ ᠶᠢᠨ ᠬᠡᠳᠦᠨ ᠵᠢᠯ ᠬᠤᠷᠢᠶᠠᠵᠤ ᠠᠪᠤᠭᠰᠠᠨ 2 600 ᠭᠷᠡᠮ ᠬᠤᠤᠷ ᠢ ᠤᠯᠠᠨ ᠤ ᠡᠮᠦᠨ᠎ᠡ | ᠰᠢᠳᠠᠭᠠᠵᠠᠢ᠃ | 6 ᠰᠠᠷ᠎ᠠ ᠶᠢᠨ 28 ~ 29 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠶᠠᠩ ᠵᠢᠩ᠂ ᠱᠧᠨ ᠬᠤᠸᠠ ᠪᠦᠯᠦᠭᠯᠡᠯ ᠤᠨ ᠶᠠᠷᠦᠩᠭᠡᠢ ᠬᠠᠮᠢᠶᠠᠷᠤᠭᠴᠢ ︵ᠲᠠᠭᠠᠭᠠᠮᠠᠯ︶ ᠵᠠᠩ ᠰᠢ ᠦ᠋ | ᠵᠡᠷᠭᠡ ᠬᠦᠮᠦᠰ ᠦᠬᠠᠢ ᠳᠤ ᠢᠷᠡᠵᠦ ᠬᠠᠶᠢᠷᠤᠪ ᠤᠨ ᠲᠤᠬᠤᠢ ᠴᠠᠭᠢᠯᠭᠠᠨ ᠦᠢᠯᠡᠳᠪᠦᠷᠢ ᠶᠢᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ᠂ ᠱᠧᠨ ᠬᠤᠸᠠ ᠪᠦᠯᠦᠭᠯᠡᠯ ᠤᠨ 30 ᠲᠦᠮᠡᠨ ᠲᠤᠨ ᠨᠡᠭᠦᠷᠡᠰᠦ ᠬᠡᠦᠷᠡᠰᠦᠨ ᠲᠤᠰᠤ | ᠡᠳ᠋ᠰᠢᠭᠦᠯᠭᠦ᠂ 100 ᠲᠦᠮᠡᠨ ᠲᠤᠨ ᠲᠠᠭᠳᠠᠷᠰᠢᠭᠤᠯᠤᠭᠰᠠᠨ ᠬᠡᠦᠷᠡᠰᠦ᠂ 4×20 ᠲᠦᠮᠡᠨ ᠺᠢᠯᠦᠸ᠋ᠲ ᠶᠢᠨ | ᠨᠡᠭᠦᠷᠡᠰᠦᠨ ᠴᠢᠯᠠᠭᠤ ᠪᠠᠷ ᠴᠠᠭᠢᠯᠭᠠᠨ ᠭᠠᠷᠭᠠᠬᠤ ᠲᠦᠷᠦᠯ ᠵᠦᠢᠯ ᠬᠢᠭᠡᠳ ᠪᠢᠨ ᠾᠧ ᠰᠢᠨ᠎ᠡ ᠲᠤᠭᠤᠷᠢᠭ ᠤᠨ | ᠪᠠᠶᠢᠭᠤᠯᠤᠯᠳᠠ᠂ ᠬᠠᠢ ᠵᠢᠢ ᠺᠤᠮᠫᠠᠨᠢ᠂ ᠵᠢᠶᠦ᠋ᠨ ᠵᠧᠩ ᠺᠤᠮᠫᠠᠨᠢ᠂ ᠵᠦᠩ ᠿᠦᠨ ᠮᠠᠭᠨᠢ ᠶᠢᠨ ᠦᠢᠯᠡᠰ᠂ ᠬᠤᠸᠠ ᠳ᠋ᠢᠶᠠᠨ | ᠤᠳᠠ ᠶᠢᠨ ᠢᠯᠴᠢ ᠴᠠᠭᠢᠯᠭᠠᠨ ᠤ ᠢᠨᠵᠧᠨᠧᠷᠢᠩ ᠵᠡᠷᠭᠡ ᠦᠢᠯᠡᠳᠪᠦᠷᠢ ᠪᠠᠷ ᠪᠠᠶᠢᠴᠠᠭᠠᠵᠦ᠂ ᠠᠵᠢᠯ ᠤᠨ ᠮᠡᠳᠡᠭᠦᠯᠦᠯᠳᠡ | ᠰᠤᠨᠤᠰᠴᠠᠢ᠃ | 6 ᠰᠠᠷ᠎ᠠ ᠳᠤ᠂ ᠦᠬᠠᠢ ᠬᠤᠳᠠ ᠶᠢᠨ ᠴᠠᠭᠢᠯᠭᠠᠨ ᠦᠢᠯᠡᠰ ᠤᠨ ᠲᠤᠪᠴᠢᠶᠠᠨ ᠤ ᠲᠡᠮᠡᠭᠡᠳᠦ ᠠᠭᠤᠯᠠ ᠶᠢᠨ | ᠴᠠᠭᠢᠯᠭᠠᠨ ᠬᠦᠷᠭᠡᠬᠦ ᠦᠷᠳᠡᠭᠡ ᠶᠢᠨ ᠢᠨᠵᠧᠨᠧᠷᠢᠩ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠲᠡᠮᠡᠭᠡᠳᠦ ᠠᠭᠤᠷᠬᠠᠢ ᠶᠢᠨ | ᠤᠷᠤᠨ ᠤ ᠴᠠᠭᠢᠯᠭᠠᠨ ᠬᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ ᠴᠢᠳᠠᠵᠠᠢ᠃ | 8 ᠰᠠᠷ᠎ᠠ ᠶᠢᠨ 15 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ | ᠬᠦᠭᠵᠢᠬᠦᠯᠦᠯᠳᠡ ᠨᠡᠭᠡᠭᠡᠯᠳᠡ ᠶᠢᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠲᠤᠭᠤᠶᠢᠯᠠᠩ ᠤᠨ ᠲᠡᠳ᠋ ᠱᠦᠵᠢ᠂ ᠲᠡᠳ᠋ | ᠡᠷᠭᠢᠯᠡᠭᠴᠢ ᠭᠤᠤ ᠾᠦᠩ ᠪᠢᠨ ᠦᠬᠠᠢ ᠳᠤ ᠢᠷᠡᠵᠦ᠂ ᠪᠦᠬᠦᠶᠢᠯᠡ ᠲᠤᠰᠬᠤᠨ ᠤ ᠶᠠᠳᠠᠭᠤ ᠶᠢ ᠲᠡᠳᠬᠦᠬᠦ ᠲᠦᠷᠦᠯ | ᠵᠦᠢᠯ ᠢ ᠲᠦᠯᠭᠢᠨ ᠠᠬᠢᠭᠤᠯᠬᠤ ᠠᠵᠢᠯ ᠢ ᠪᠠᠶᠢᠴᠠᠭᠠᠨ᠂ ᠬᠠᠶᠢᠨᠠᠨ ᠤ ᠳ᠋ᠦᠩ ᠹᠧᠩ ᠰᠢᠶᠠᠩ᠂ ᠪᠠᠶᠠᠨᠳᠤᠬᠤᠢ ᠰᠢᠶᠠᠩ | ᠪᠠ ᠬᠠᠶᠢᠷᠤᠪ ᠤᠨ ᠲᠤᠬᠤᠢ ᠲᠤᠭᠤᠷᠢᠭ ᠤᠨ ᠦᠨᠳᠦᠷ ᠠᠰᠢᠭᠳᠦ ᠲᠡᠷᠢᠶᠡᠯᠡᠩ ᠤᠨ ᠬᠦᠷᠢᠶᠡᠯᠡᠩ ᠢ ᠲᠤᠭᠤᠷᠢᠨ | ᠦᠵᠡᠵᠡᠢ᠃ | 8 ᠰᠠᠷ᠎ᠠ ᠶᠢᠨ 18 ᠤ ᠡᠳᠦᠷ᠂ ᠤᠯᠤᠰ ᠤᠨ ᠤᠰᠤᠨ ᠠᠰᠢᠭᠯᠠᠯᠳᠠ ᠶᠢᠨ ᠶᠠᠮᠤᠨ ᠤ ᠨᠠᠮ ᠤᠨ ᠲᠤᠭᠤᠶᠢᠯᠠᠩ | ᠤᠨ ᠬᠡᠰᠢᠭᠦᠨ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠰᠤᠨ ᠠᠰᠢᠭᠯᠠᠯᠳᠠ ᠶᠢᠨ ᠶᠠᠮᠤᠨ ᠳᠤ | ᠰᠠᠭᠤᠭ᠎ᠠ ᠪᠠᠶᠢᠴᠠᠭᠠᠬᠤ ᠲᠤᠭᠤᠶᠢᠯᠠᠩ ᠤᠨ ᠲᠤᠭᠤᠶᠢᠯᠠᠩ ᠤᠨ ᠲᠠᠷᠤᠭ᠎ᠠ ᠯᠢᠦ ᠭᠤᠸᠠᠩ ᠦᠬᠠᠢ ᠬᠤᠳᠠ ᠳᠤ ᠢᠷᠡᠵᠦ | ᠬᠠᠳᠤᠨ ᠭᠤᠤᠯ ᠤᠨ ᠤᠰᠤᠨ ᠠᠰᠢᠭᠯᠠᠯᠳᠠ ᠶᠢᠨ ᠬᠦᠢᠰᠦ ᠢᠨᠵᠧᠨᠧᠷᠢᠩ ᠤᠨ ᠶᠡᠭᠡ ᠲᠠᠪᠠᠭᠠᠨ ᠤ ᠰᠠᠭᠤᠷᠢ᠂ ᠦ᠋ ᠢ | ᠰᠢᠶᠠᠩ ᠤᠨ ᠪᠦᠯᠭᠦᠮᠳᠡᠯ ᠰᠢᠨ᠎ᠡ ᠲᠤᠰᠬᠤᠨ᠂ ᠪᠢᠨ ᠾᠧ ᠰᠢᠨ᠎ᠡ ᠲᠤᠭᠤᠷᠢᠭ᠂ ᠬᠠᠶᠢᠷᠤᠪ ᠤᠨ ᠪᠤᠵᠠᠷ ᠤᠰᠤ | ᠰᠢᠢᠳᠪᠦᠷᠢᠯᠡᠬᠦ ᠦᠢᠯᠡᠳᠪᠦᠷᠢ᠂ ᠬᠤᠳᠠ ᠶᠢᠨ ᠠᠷᠠᠳ ᠤᠨ ᠴᠡᠴᠡᠷᠯᠢᠭ᠂ ᠬᠤᠳᠠ ᠶᠢᠨ ᠮᠦᠽᠸᠧ ᠵᠡᠷᠭᠡ ᠭᠠᠵᠠᠷ ᠤᠷᠤᠨ | ᠢᠶᠠᠷ ᠲᠤᠭᠤᠷᠢᠨ ᠦᠵᠡᠵᠡᠢ᠃ | 8 ᠰᠠᠷ᠎ᠠ ᠶᠢᠨ 24 ᠤ ᠡᠳᠦᠷ᠂ ᠲᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ ᠶᠢᠨ ᠪᠠᠩᠭᠢ ᠶᠢᠨ | ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠦᠪᠦᠷ ᠮᠤᠩᠭᠤᠯ ᠤᠨ ᠬᠤᠪᠢᠶᠠᠷᠢ ᠪᠠᠩᠭᠢ ᠦᠬᠠᠢ ᠬᠤᠳᠠ | ᠶᠢᠨ ᠠᠷᠠᠳ ᠤᠨ ᠵᠠᠰᠠᠭ ᠤᠨ ᠤᠷᠳᠤᠨ ᠲᠠᠢ ︽ᠪᠠᠩᠭᠢ ᠵᠠᠰᠠᠭ ᠬᠠᠮᠳᠤᠷᠠᠨ ᠠᠵᠢᠯᠯᠠᠬᠤ ᠪᠦᠳᠦᠴᠡ ᠶᠢᠨ ᠬᠡᠯᠡᠯᠴᠡᠭᠡᠷ︾ | ᠲᠤᠭᠳᠠᠵᠠᠢ᠃ ᠪᠦᠳᠦᠭᠡᠨ ᠪᠠᠶᠢᠭᠤᠯᠤᠯᠳᠠ ᠶᠢᠨ ᠪᠠᠩᠭᠢ ᠶᠢᠨ ᠦᠪᠦᠷ ᠮᠤᠩᠭᠤᠯ ᠤᠨ ᠬᠤᠪᠢᠶᠠᠷᠢ ᠪᠠᠩᠭᠢ ᠨᠢ ᠦᠬᠠᠢ | ᠤᠷᠤᠨ ᠤ ᠴᠠᠭᠢᠯᠭᠠᠨ ᠬᠦᠴᠦ᠂ ᠨᠡᠭᠦᠷᠡᠰᠦ ᠬᠡᠦᠷᠡᠰᠦ᠂ ᠬᠢᠮᠢ ᠶᠢᠨ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ | ᠤᠰᠤᠨ ᠠᠰᠢᠭᠯᠠᠯᠳᠠ ᠶᠢᠨ ᠭᠤᠤᠯ ᠢᠨᠵᠧᠨᠧᠷᠢᠩ ᠬᠢᠭᠡᠳ ᠬᠤᠳᠠ ᠶᠢᠨ ᠦᠨᠳᠦᠰᠦᠨ ᠲᠤᠨᠤᠭ ᠲᠦᠬᠦᠭᠡᠷᠦᠮᠵᠢ | ᠵᠡᠷᠭᠡ ᠲᠦᠷᠦᠯ ᠵᠦᠢᠯ ᠳᠤ ᠨᠡᠶᠢᠯᠡᠭᠦᠯᠦᠭᠰᠡᠨ ᠬᠦᠷᠦᠩᠭᠡ ᠶᠢᠨ ᠪᠡᠯᠡ ᠮᠦᠩᠭᠦ 70 ᠳ᠋ᠦᠩᠰᠢᠭᠤᠷ ᠲᠦᠭᠦᠷᠢᠭ | ᠬᠠᠩᠭᠠᠵᠤ᠂ ᠦᠬᠠᠢ ᠶᠢᠨ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢᠨ ᠲᠦᠷᠭᠡᠨ ᠬᠦᠭᠵᠢᠯᠳᠡ ᠳᠤ | ᠳᠡᠮᠵᠢᠯᠭᠡ ᠦᠵᠡᠭᠦᠯᠵᠦ᠂ ᠰᠠᠭᠤᠷᠢ ᠠᠵᠤ ᠦᠢᠯᠡᠳᠪᠦᠷᠢ ᠶᠢᠨ ᠢᠳᠡᠭᠡᠮᠵᠢᠳᠦ ᠵᠢᠭᠡᠯᠡᠯᠭᠡ ᠶᠢ ᠵᠢᠯ ᠲᠠᠷᠠᠭᠠᠯᠠᠨ | ᠨᠡᠮᠡᠭᠳᠡᠭᠦᠯᠵᠡᠢ᠃ | 8 ᠰᠠᠷ᠎ᠠ ᠶᠢᠨ 27 ᠤ ᠡᠳᠦᠷ᠂ ᠤᠯᠤᠰ ᠤᠨ ᠤᠰᠤᠨ ᠠᠰᠢᠭᠯᠠᠯᠳᠠ ᠶᠢᠨ ᠶᠠᠮᠤᠨ ᠤ ᠨᠠᠮ ᠤᠨ ᠲᠤᠭᠤᠶᠢᠯᠠᠩ | ᠤᠨ ᠲᠡᠳ᠋ ᠱᠦᠵᠢ᠂ ᠲᠡᠳ᠋ ᠶᠠᠮᠤᠨ ᠤ ᠲᠠᠷᠤᠭ᠎ᠠ ᠵᠢᠩ ᠵᠧᠩ ᠱᠦ ᠦᠬᠠᠢ ᠳᠤ ᠢᠷᠡᠵᠦ᠂ ᠬᠠᠳᠤᠨ ᠭᠤᠤᠯ ᠤᠨ ᠤᠰᠤᠨ | ᠠᠰᠢᠭᠯᠠᠯᠳᠠ ᠶᠢᠨ ᠭᠤᠤᠯ ᠢᠨᠵᠧᠨᠧᠷᠢᠩ ᠤᠨ ᠶᠡᠭᠡ ᠲᠠᠪᠠᠭᠠᠨ ᠤ ᠰᠠᠭᠤᠷᠢ ᠶᠢ ᠲᠤᠭᠤᠷᠢᠨ ᠪᠠᠶᠢᠴᠠᠭᠠᠵᠠᠢ᠃ | 8 ᠰᠠᠷ᠎ᠠ ᠶᠢᠨ 31 ᠤ ᠡᠳᠦᠷ᠂ ᠦᠪᠦᠷ ᠮᠤᠩᠭᠤᠯ ᠤᠨ ᠪᠠᠷᠠᠭᠤᠨ ᠤᠷᠤᠨ ᠤ ᠬᠠᠮᠤᠭ ᠡᠴᠤᠰ ᠤᠨ ᠴᠠᠭᠢᠯᠭᠠᠨ | ᠤ ᠰᠤᠷᠪᠤᠯᠵᠢ ᠶᠢᠨ ᠴᠡᠭ— ᠬᠠᠶᠢᠷᠤᠪ ᠤᠨ ᠲᠤᠬᠤᠢ ᠴᠠᠭᠢᠯᠭᠠᠨ ᠭᠠᠷᠭᠠᠬᠤ ᠦᠢᠯᠡᠳᠪᠦᠷᠢ ᠶᠢᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠤᠨ ᠵᠢᠷᠭᠤᠳᠤᠭᠠᠷ ᠨᠤᠮᠧᠷᠳᠦ 33 ᠲᠦᠮᠡᠨ ᠺᠢᠯᠦᠸᠠᠲ ᠤᠨ ᠮᠠᠰᠢᠨ ᠴᠣᠭᠴᠠᠯᠠᠪᠤᠷᠢ | 168 ᠴᠠᠭ ᠠᠮᠵᠢᠯᠳᠠᠳᠠᠢ ᠪᠠᠷ ᠲᠤᠷᠰᠢᠨ ᠠᠵᠢᠯᠯᠠᠵᠤ᠂ ᠵᠢᠩᠭᠢᠨᠢ ᠪᠠᠷ ᠴᠠᠭᠢᠯᠭᠠᠨ ᠭᠠᠷᠭᠠᠬᠤ ᠪᠤᠯᠵᠤ᠂ ᠬᠤᠳᠠᠯᠳᠤᠭᠠᠨ | ᠤ ᠬᠡᠯᠪᠡᠷᠢ ᠶᠢᠨ ᠡᠵᠡᠩᠨᠡᠯᠳᠡ ᠳᠤ ᠤᠷᠤᠵᠠᠢ᠃ | 9 ᠰᠠᠷ᠎ᠠ ᠶᠢᠨ 1 ~ 2 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ | ᠤᠨ ᠵᠦᠪᠯᠡᠯ ᠤᠨ ᠬᠠᠦᠯᠢ ᠵᠦᠷᠢᠴᠡᠨ ᠨᠡᠭᠦᠷᠡᠰᠦ ᠦᠢᠯᠡᠳᠪᠦᠷᠢᠯᠡᠬᠦ ᠳᠤ ᠴᠤᠭᠢᠯᠳᠠ ᠦᠭᠬᠦ ᠬᠤᠯᠪᠤᠭᠠᠯᠠᠭᠰᠠᠨ ᠬᠠᠦᠯᠢ | ᠬᠡᠷᠡᠭᠵᠢᠭᠦᠯᠭᠦ ᠪᠠᠶᠢᠴᠠᠭᠠᠬᠤ ᠲᠤᠭᠤᠶᠢᠯᠠᠩ ᠦᠬᠠᠢ ᠬᠤᠳᠠ ᠳᠤ ᠢᠷᠡᠵᠦ᠂ ᠨᠡᠭᠦᠷᠡᠰᠦᠨ ᠠᠭᠤᠷᠬᠠᠢ ᠶᠢᠨ ᠠᠶᠤᠯᠬᠦᠢ | ᠦᠢᠯᠡᠳᠪᠦᠷᠢᠯᠡᠯ ᠤᠨ ᠠᠵᠢᠯ ᠢ ᠪᠠᠶᠢᠴᠠᠭᠠᠵᠤ᠂ ᠸᠧᠨ ᠮᠢᠩ ᠠᠭᠤᠷᠬᠠᠢ ᠶᠢᠨ ᠶᠠᠪᠤᠳᠠᠯ ᠤᠨ ᠺᠤᠮᠫᠠᠨᠢ᠂ ᠮᠤᠷᠤᠢ ᠭᠤᠣᠯ | ᠨᠡᠭᠦᠷᠡᠰᠦᠨ ᠠᠭᠤᠷᠬᠠᠢ᠂ ᠱᠧᠨ ᠬᠤᠸᠠ ᠪᠦᠯᠦᠭᠯᠡᠯ ᠤᠨ ᠬᠠᠶᠢᠷᠤᠪ ᠤᠨ ᠲᠤᠬᠤᠢ ᠶᠢᠨ ᠠᠭᠤᠷᠬᠠᠢ ᠶᠢᠨ ᠶᠠᠪᠤᠳᠠᠯ ᠤᠨ | ᠺᠤᠮᠫᠠᠨᠢ ᠶᠢᠨ ᠫᠢᠩ ᠭᠸᠦ ᠨᠡᠭᠦᠷᠡᠰᠦᠨ ᠠᠭᠤᠷᠬᠠᠢ ᠳᠤ ᠬᠦᠷᠴᠦ ᠪᠠᠶᠢᠴᠠᠭᠠᠨ ᠦᠵᠡᠵᠡᠢ᠃ | 9 ᠰᠠᠷ᠎ᠠ ᠶᠢᠨ 9 ᠡᠳᠦᠷ᠂ ᠤᠯᠤᠰ ᠤᠨ ᠤᠰᠤᠨ ᠠᠰᠢᠭᠯᠠᠯᠳᠠ ᠶᠢᠨ ᠶᠠᠮᠤᠨ ᠤ ᠲᠠᠷᠤᠭ᠎ᠠ ᠡᠸ᠋ ᠶᠢᠨ ᠫᠢᠩ | ᠦᠬᠠᠢ ᠳᠤ ᠢᠷᠡᠵᠦ᠂ ᠬᠠᠳᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠳᠠ ᠶᠢᠨ ᠭᠤᠤᠯ | ᠢᠨᠵᠧᠨᠧᠷᠢᠩ ᠤᠨ ᠶᠡᠭᠡ ᠲᠠᠪᠠᠭᠠᠨ ᠤ ᠰᠠᠭᠤᠷᠢ ᠳᠤ ᠲᠤᠭᠤᠷᠢᠨ ᠦᠵᠡᠵᠡᠢ᠃ | 9 ᠰᠠᠷ᠎ᠠ ᠶᠢᠨ 10 ~ 11 ᠤ ᠡᠳᠦᠷ᠂ ᠪᠡᠭᠡᠵᠢᠩ ᠤᠨ ᠴᠡᠷᠢᠭ ᠤᠨ ᠲᠤᠭᠤᠷᠢᠭ ᠤᠨ ᠤᠯᠤᠰ ᠲᠦᠷᠦ ᠶᠢᠨ | ᠭᠡᠰᠢᠭᠦᠨ᠂ ᠬᠤᠷᠠᠩᠳᠡ ᠭᠧᠨᠧᠷᠠᠯ ᠹᠦ᠋ ᠲᠢᠩ ᠬᠦᠢ ᠪᠤᠯᠤᠨ ᠤᠯᠤᠰ ᠲᠦᠷᠦ ᠶᠢᠨ ᠬᠡᠯᠳᠡᠰ ᠤᠨ ᠡᠷᠭᠢᠯᠡᠭᠴᠢ᠂ ᠲᠠᠰᠯᠡᠭᠴᠢ | ᠭᠧᠨᠧᠷᠠᠯ ᠳ᠋ᠦᠩ ᠸᠠᠨ ᠽᠠᠢ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠤᠯᠤᠰ ᠲᠦᠷᠦ ᠶᠢᠨ ᠭᠡᠰᠢᠭᠦᠨ᠂ | ᠬᠤᠰᠢᠭᠤᠴᠢ ᠭᠧᠨᠧᠷᠡᠯ ᠵᠠᠩ ᠶᠢᠨ ᠵᠤ᠋ ᠶᠢᠨ ᠪᠠᠷᠠᠳᠠᠯᠭ᠎ᠠ ᠪᠠᠷ ᠦᠬᠠᠢ ᠶᠢᠨ ᠴᠡᠷᠢᠭ ᠤᠨ ᠬᠤᠪᠢᠶᠠᠷᠢ ᠲᠤᠭᠤᠷᠢᠭ ᠲᠤ | ᠢᠷᠡᠵᠦ ᠠᠵᠢᠯ ᠪᠠᠶᠢᠴᠠᠭᠠᠵᠠᠢ᠃ | 9 ᠰᠠᠷ᠎ᠠ ᠶᠢᠨ 17 ~ 18 ᠡᠳᠦᠷ᠂ ︽ᠨᠤᠮ ᠣᠩᠰᠢᠨ ᠵᠤᠷᠢᠭ ᠢᠶᠠᠨ ᠬᠦᠪᠴᠢᠯᠡᠵᠦ᠂ ᠡᠷᠳᠡᠮ ᠰᠤᠷᠴᠤ | ᠴᠢᠳᠠᠪᠤᠷᠢᠳᠠᠨ ᠪᠤᠯᠵᠤ᠂ ᠲᠠᠯ᠎ᠠ ᠨᠤᠳᠤᠭ ᠲᠠᠭᠠᠨ ᠬᠤᠪᠢ ᠨᠡᠮᠡᠷᠢ ᠪᠠᠨ ᠦᠵᠡᠭᠦᠯᠭᠦ︾ ᠰᠡᠳᠦᠪ ᠲᠠᠢ ︽ᠴᠡᠯ ᠵᠠᠯᠠᠭᠤ᠂ | ᠲᠠᠯ᠎ᠠ ᠨᠤᠳᠤᠭ— ᠦᠪᠦᠷ ᠮᠤᠩᠭᠤᠯ︾ ᠤᠨ ᠠᠩᠬᠠᠳᠤᠭᠠᠷ ᠤᠳᠠᠭᠠᠨ ᠤ ᠵᠠᠯᠠᠭᠤᠴᠤᠳ ᠪᠠᠭᠠᠴᠤᠳ ᠤᠨ ᠨᠤᠮ | ᠤᠩᠰᠢᠬᠤ ᠨᠠᠶᠢᠷ ᠢ ᠦᠬᠠᠢ ᠬᠤᠳᠠ ᠳᠤ ᠶᠠᠪᠤᠭᠳᠠᠭᠤᠯᠵᠠᠢ᠃ | 9 ᠰᠠᠷ᠎ᠠ ᠶᠢᠨ 20 ᠤ ᠡᠳᠦᠷ᠂ ᠰᠢᠨ ᠳ᠋ᠢ— ᠮᠠ ᠬᠤᠸᠠᠩ ᠭᠸᠦ ᠬᠦᠷᠭᠦ ᠦᠨᠳᠦᠷ ᠬᠤᠷᠳᠤᠴᠠᠳᠤ ᠵᠠᠰᠠᠮᠠᠯ | ᠵᠠᠮ ᠲᠡᠪᠢᠰᠦᠭᠳᠡᠨ ᠲᠡᠷᠭᠡ ᠨᠡᠪᠳᠡᠷᠡᠵᠡᠢ᠃ ᠳ᠋ᠠᠨ ᠯᠠ ᠤᠯᠤᠰ ᠤᠨ ᠵᠠᠮ ᠤᠨ ᠭᠤᠤᠯ ᠱᠤᠭᠤᠮ ᠪᠠ ᠰᠢᠨ ᠮᠠ | ︵ᠪᠠᠯᠠᠭᠤᠨ— ᠰᠢᠨ ᠳ᠋ᠢ— ᠮᠠ ᠬᠤᠸᠠᠩ ᠭᠸᠦ︶ ᠶᠢᠨ ᠦᠨᠳᠦᠷ ᠬᠤᠷᠳᠤᠴᠠᠳᠤ ᠵᠠᠰᠠᠮᠠᠯ ᠵᠠᠮ ᠤᠨ ᠪᠦᠬᠦ ᠱᠤᠭᠤᠮ | ᠲᠡᠷᠭᠡ ᠨᠡᠪᠳᠡᠷᠡᠵᠡᠢ᠃ | 10 ᠰᠠᠷ᠎ᠠ ᠶᠢᠨ 21 ~ 23 ᠤ ᠡᠳᠦᠷ᠂ ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠠᠮᠢ | ᠠᠬᠤᠢ ᠡᠷᠡᠭᠦᠯ ᠮᠡᠨᠳᠦ ᠶᠢᠨ ︽ᠠᠮᠢ ᠠᠬᠤᠢ ᠡᠷᠡᠭᠦᠯ ᠮᠡᠨᠳᠦ ᠬᠢᠭᠡᠳ ᠤᠷᠴᠢᠯᠳᠤ ᠠᠵᠤ ᠠᠬᠤᠢ︾ ᠶᠠᠷᠢᠯᠴᠠᠭᠠᠨ ᠤ | ᠲᠡᠪᠴᠡᠩ ᠦᠬᠠᠢ ᠬᠤᠳᠠ ᠳᠤ ᠶᠠᠪᠤᠭᠳᠠᠵᠠᠢ᠃ | 10 ᠰᠠᠷ᠎ᠠ ᠶᠢᠨ 30 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ | ᠪᠠᠶᠢᠴᠠᠭᠠᠯᠳᠠ ᠶᠢᠨ ᠪᠦᠯᠭᠦᠮ ᠦᠬᠠᠢ ᠬᠤᠳᠠ ᠳᠤ ᠢᠷᠡᠵᠦ ᠪᠠᠶᠢᠴᠠᠭᠠᠯᠳᠠ ᠬᠢᠵᠡᠢ᠃ | 11 ᠰᠠᠷ᠎ᠠ ᠶᠢᠨ 11 ᠤ ᠡᠳᠦᠷ᠂ ᠤᠳᠠ ᠲᠤᠭᠤᠷᠢᠭ ᠤᠨ ᠪᠠᠶᠠᠨᠰᠠᠶᠢᠨ ᠨᠡᠭᠦᠷᠡᠰᠦ ᠬᠡᠦᠷᠡᠰᠦᠨ ᠤ ᠬᠢᠵᠠᠭᠠᠷᠳᠤ | ᠬᠠᠷᠢᠭᠤᠴᠠᠯᠭᠠᠳᠤ ᠺᠤᠮᠫᠠᠨᠢ ᠶᠢᠨ ᠨᠡᠭᠦᠷᠡᠰᠦᠨ ᠠᠭᠤᠷᠬᠠᠢ ᠳᠤ ᠭᠠᠰ ᠬᠡᠢ ᠶᠢᠨ ᠲᠡᠯᠪᠡᠷᠡᠯᠳᠡ ᠶᠢᠨ ᠬᠡᠷᠡᠭ ᠭᠠᠷᠴᠤ᠂ | ᠬᠤᠤᠳᠤᠭ ᠲᠤᠤᠷ᠎ᠠ ᠠᠵᠢᠯᠯᠠᠵᠤ ᠪᠠᠶᠢᠭᠰᠠᠨ 19 ᠠᠵᠢᠯᠳᠠᠨ ᠤ ᠨᠡᠷᠡᠰ ᠨᠢ ᠠᠳᠡᠵᠡᠢ᠃ | 12 ᠰᠠᠷ᠎ᠠ ᠶᠢᠨ 19 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ | ᠵᠦᠪᠯᠡᠯ ᠤᠨ ᠪᠠᠶᠢᠴᠠᠭᠠᠬᠤ ᠲᠤᠭᠤᠶᠢᠯᠠᠩ ᠤᠨ ᠲᠤᠭᠤᠶᠢᠯᠠᠩ ᠤᠨ ᠲᠠᠷᠤᠭ᠎ᠠ᠂ ᠤᠯᠤᠰ ᠤᠨ ᠨᠡᠭᠦᠷᠡᠰᠦᠨ ᠠᠭᠤᠷᠬᠠᠢ | ᠶᠢᠨ ᠠᠶᠤᠯᠭᠦᠢ ᠶᠢᠨ ᠬᠢᠨᠠᠨ ᠬᠠᠮᠢᠶᠠᠷᠬᠤ ᠲᠤᠪᠴᠢᠶᠠᠨ ᠤ ᠬᠢᠨᠠᠨ ᠪᠠᠶᠢᠴᠠᠭᠠᠬᠤ ᠵᠤᠷᠭᠠᠨ ᠤ ᠲᠡᠳ᠋ ᠲᠠᠷᠤᠭ᠎ᠠ ᠶᠠᠩ | ᠴᠢᠩ ᠱᠧᠩ ᠬᠢᠭᠡᠳ ᠪᠠᠶᠢᠴᠠᠭᠠᠬᠤ ᠲᠤᠭᠤᠶᠢᠯᠠᠩ ᠤᠨ ᠬᠡᠰᠢᠭᠦᠳ ᠦᠬᠠᠢ ᠳᠤ ᠢᠷᠡᠵᠦ ᠠᠵᠢᠯ ᠪᠠᠶᠢᠴᠠᠭᠠᠵᠠᠢ᠃ | 12 ᠰᠠᠷ᠎ᠠ ᠶᠢᠨ 26 ᠤ ᠡᠳᠦᠷ᠂ 30 ᠤ ᠡᠳᠦᠷ᠂ ᠬᠠᠶᠢᠷᠤᠪ ᠤᠨ ᠲᠤᠬᠤᠢ ᠴᠠᠭᠢᠯᠭᠠᠨ ᠭᠠᠷᠭᠠᠬᠤ | ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠠᠪᠤ᠂ ᠵᠢᠷᠭᠤᠳᠤᠭᠠᠷ ᠨᠤᠮᠧᠷᠳᠦ ᠨᠡᠭᠦᠷᠡᠰᠦ | ᠲᠦᠯᠡᠬᠦ ᠮᠠᠰᠢᠨ ᠴᠣᠭᠴᠠᠯᠠᠪᠤᠷᠢ ᠤᠳᠤᠭ᠎ᠠ ᠤᠨ᠋ᠵᠶᠠᠷ᠂ ᠬᠦᠬᠦᠷ ᠦᠭᠡᠶᠢᠳᠡᠭᠦᠯᠬᠦ ᠲᠦᠬᠦᠭᠡᠷᠤᠮᠵᠢ ᠶᠢ ᠤᠭᠰᠠᠷᠠᠵᠤ᠂ | ᠠᠰᠢᠭᠯᠠᠯᠳᠠ ᠳᠤ ᠤᠷᠤᠭᠤᠯᠵᠠᠢ᠃ | 2005 ᠤᠨ ᠳᠤ᠂ ᠦᠬᠠᠢ ᠬᠤᠳᠠ ᠶᠢᠨ ᠠᠷᠠᠳ ᠤᠨ ᠤᠷᠠᠯᠢᠴᠢᠳ ᠤᠨ ᠤᠷᠳᠤᠨ ᠤ ᠤᠷᠠᠯᠢᠭ ᠤᠨ | ᠪᠦᠯᠭᠦᠮ ᠤᠨ ᠠᠶᠠᠭᠠᠨ ᠪᠦᠵᠢᠭ ᠢ ᠪᠡᠭᠡᠵᠢᠩ ᠳᠤ ᠰᠢᠩᠭᠡᠭᠡᠯᠳᠡ ᠬᠢᠵᠦ᠂ ᠲᠦᠪ ᠲᠧᠯᠸᠢᠰ ᠬᠤᠷᠢᠶᠠᠨ ᠤ ︽ᠷᠢᠳᠢ | ᠰᠢᠳᠢ᠂ ᠲᠤᠮᠳᠠᠳᠤ ᠤᠯᠤᠰ︾ ᠰᠤᠪᠠᠭ ᠲᠤ— ︽ᠷᠢᠳᠢ ᠰᠢᠳᠢ ᠲᠠᠢ ᠦᠬᠠᠢ︾ ᠫᠷᠦᠭᠷᠡᠮ ᠢᠶᠠᠷ ᠨᠡᠪᠳᠡᠷᠡᠭᠦᠯᠵᠡᠢ᠃ | |