10 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠱᠧᠨᠵᠧᠨ ᠤ ᠠᠵᠤ ᠠᠬᠤᠶ ᠶᠢᠨ ᠣᠨᠴᠠᠭᠠᠶ ᠣᠷᠣᠨ | ᠪᠠᠶᠢᠭᠤᠯᠤᠭᠳᠠᠭᠰᠠᠨ 40 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ ᠰᠠᠶᠢᠨ | ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ 70 ᠵᠢᠯ ᠤᠨ ᠣᠶ ᠶᠢ | ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠵᠢᠯ ᠤᠨ ᠲᠦᠷᠢᠮ︾ ᠢ ᠰᠤᠷᠤᠯᠴᠠᠵᠤ᠂ ︽ᠳᠤᠮᠳᠠᠳᠤ ᠣᠯᠣᠰ ᠤᠨ ᠡᠪ ᠬᠠᠮᠲᠤ | ᠨᠠᠮ ᠤᠨ ᠤᠬᠠᠭᠤᠯᠭ᠎ᠠ ᠶᠢᠨ ᠠᠵᠢᠯ ᠤᠨ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ | ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠴᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ | ᠪᠠᠶᠢᠵᠤ᠂ ᠪᠢᠳᠡᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠵᠢᠭᠠᠵᠤ ᠥᠭᠴᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠲᠡᠭᠦᠨ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ᠂ ︽ᠰᠢᠪᠲᠤᠯᠤᠯᠲᠠ ᠬᠢᠬᠦ︾ ᠵᠣᠷᠢᠭ ᠰᠠᠨᠠᠭ᠎ᠠ᠂ ︽ᠡᠭᠦᠳᠦᠨ ᠪᠦᠲᠦᠭᠡᠬᠦ︾ ᠡᠷᠴᠢ ᠵᠣᠷᠢᠭ | ᠂ ︽ᠴᠢᠷᠮᠠᠶᠢᠨ ᠠᠵᠢᠯᠯᠠᠬᠤ︾ ᠰᠤᠷᠲᠠᠯ ᠢᠶᠠᠨ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠪᠠ | ᠰᠢᠨ᠎ᠡ ᠶᠢ ᠡᠭᠦᠳᠬᠦ ᠰᠡᠳᠬᠢᠬᠦᠶ ᠪᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ | ᠬᠥᠭᠵᠢᠯᠲᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ | ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠳᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠵᠢᠯ ᠤᠨ ᠳᠦᠷᠢᠮ︾ ᠪᠣᠯ ᠨᠠᠮ ᠤᠨ ᠲᠥᠪ ᠬᠤᠷᠢᠶᠠᠨ ᠤ ᠨᠠᠮ ᠤᠨ ᠤᠳᠤᠷᠢᠳᠬᠤ | ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠂ ᠪᠦᠬᠦ ᠬᠤᠲᠠ ᠶᠢᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠣᠳ ︽ᠳᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠤᠢᠭᠡᠢ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠦᠷᠢᠮ ᠤᠨ | ᠬᠡᠷᠡᠭᠵᠢᠭᠦᠯᠦᠯᠲᠡ ᠶᠢ ᠴᠢᠩᠭᠠᠳᠬᠠᠵᠤ᠂ ︽ᠲᠦᠷᠢᠮ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ | ᠠᠵᠢᠯ ᠤᠨ ᠳᠦᠷᠢᠮ︾ ᠪᠦᠬᠦ ᠨᠠᠮ ᠤᠨ ᠣᠬᠠᠭᠤᠯᠭ᠎ᠠ ᠶᠢᠨ ᠠᠵᠢᠯ ᠳᠤ ᠬᠦᠴᠦᠲᠡᠶ ᠵᠢᠯᠣᠭᠤᠳᠤᠯᠭ᠎ᠠ ᠪᠣᠯᠤᠨ | ᠳᠦᠷᠢᠮ ᠤᠨ ᠲᠤᠯᠭᠠᠭᠤᠷᠢ ᠬᠠᠩᠭᠠᠵᠠᠢ᠂ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ | ᠰᠠᠶᠢᠲᠤᠷ ᠠᠳᠬᠤᠵᠤ᠂ ᠣᠶᠢᠯᠠᠭᠠᠭᠳᠠᠬᠤᠨ ᠤ ᠰᠢᠨ᠎ᠡ ᠡᠭᠦᠳᠦᠯᠲᠡ᠂ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ | ᠰᠢᠨ᠎ᠡ ᠡᠭᠦᠳᠦᠯᠲᠡ ᠶᠢ ᠢᠳᠡᠪᠬᠢᠳᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠲᠥᠪ ᠤᠨ ᠪᠠᠶᠢᠭᠤᠯᠤᠯᠲᠠ ᠶᠢ ᠲᠦᠷᠭᠡᠳᠬᠡᠵᠦ᠂ ᠣᠬᠠᠭᠤᠯᠭ᠎ᠠ ᠶᠢᠨ ᠠᠵᠢᠯ ᠤᠨ ᠬᠢᠷᠢ ᠲᠦᠪᠰᠢᠨ ᠪᠠ ᠪᠣᠳᠠᠲᠤ ᠦᠷ᠎ᠡ | ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠪᠣᠯᠤᠨ ᠱᠤᠭᠤᠮ | ᠴᠢᠭᠯᠡᠯᠲᠡ ᠲᠥᠷᠥ ᠶᠢᠨ ᠪᠣᠳᠣᠯᠭ᠎ᠠ ᠶᠢ ᠬᠥᠮᠦᠨ ᠪᠦᠬᠦᠨ ᠳᠤ ᠣᠶᠢᠯᠠᠭᠠᠭᠤᠯᠵᠤ᠂ ᠨᠠᠮ ᠤᠨ ᠲᠦᠷᠦ ᠪᠠᠷᠢᠬᠤ ᠰᠠᠭᠤᠷᠢ | ᠪᠠ ᠤᠯᠠᠨ ᠲᠦᠮᠡᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠳᠡᠢ ᠬᠡᠵᠡᠢ᠃ | ᠬᠤᠷᠠᠯ ᠠᠴᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ | ᠴᠢᠩᠭᠠᠳᠬᠠᠨ ᠬᠦᠨᠵᠡᠭᠡᠶᠢᠷᠡᠬᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠠᠵᠢᠯ ᠤᠨ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ | ᠵᠦᠪᠯᠡᠵᠦ᠂ ᠬᠤᠯᠪᠤᠭᠳᠠᠯ ᠪᠦᠬᠦᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |