ᠬᠤᠳᠠ ᠶᠢᠨ ᠣᠳᠣᠷᠢᠳᠣᠯᠭ᠎ᠠ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠺᠣᠮᠫᠠᠨᠢ ᠳᠤ ᠬᠦᠷᠴᠦ ︽ᠲᠤᠮᠳᠠᠲᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠶᠢᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠲᠤᠬᠠᠢ ᠶᠠᠪᠤᠳᠠᠯ ᠢ ᠵᠥᠪᠳᠡᠯᠴᠡᠪᠡ
ᠨᠡᠶᠢᠲᠡᠯᠡᠭᠰᠡᠨ ᠴᠠᠭ᠄
2020/10/30
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠺᠣᠮᠫᠠᠨᠢ ᠳᠤ ᠬᠦᠷᠴᠦ᠂ ︽ᠲᠤᠮᠳᠠᠲᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠶᠢᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠲᠤᠬᠠᠢ ᠬᠤᠯᠪᠤᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠯᠢ ᠶᠢᠦ ᠯᠠᠶ᠂ ᠳᠡᠳ᠋ ᠬᠤᠲᠠ ᠶᠢᠨ ᠳᠠᠷᠤᠭ᠎ᠠ ᠡᠤ ᠶᠧ ᠸᠧᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠱᠢ ᠸᠠᠨ ᠵᠢᠶᠦ᠋ᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠦᠴᠦᠲᠡᠶ ᠲᠡᠮᠵᠢᠵᠤ ᠬᠠᠪᠰᠤᠷᠤᠭᠰᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠤ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠤᠷᠲᠤ ᠬᠤᠭᠤᠴᠠᠭᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠤᠷᠠᠨ ᠪᠢᠴᠢᠯᠭᠡ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠬᠡᠵᠡᠢ᠃      ᠯᠢ ᠶᠢᠦ ᠯᠠᠶ 2020 ᠣᠨ ᠤ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾  ᠶᠢᠨ ᠣᠳᠣ ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠤᠨ ᠠᠯᠳᠠᠷᠲᠤ ᠤᠷᠠᠨ ᠪᠢᠴᠢᠯᠭᠡᠲᠡᠨ ᠤ ᠪᠦᠲᠦᠭᠡᠯ ᠤᠨ ᠤᠷᠢᠯᠭ᠎ᠠ ᠶᠢᠨ ᠦᠵᠡᠭᠦᠯᠭᠡ ᠦᠬᠠᠶ ᠬᠤᠲᠠ ᠳᠤ ᠠᠮᠵᠢᠯᠲᠠ ᠲᠠᠢ ᠡᠷᠬᠢᠯᠡᠭᠳᠡᠭᠰᠡᠨ ᠳᠤ ᠬᠠᠯᠠᠭᠤᠨ ᠪᠠᠶᠠᠷ ᠬᠦᠷᠭᠡᠵᠦ᠂ ᠣᠶᠢᠷ᠎ᠠ ᠶᠢᠨ ᠵᠢᠯ ᠤᠨ ᠲᠤᠷᠰᠢ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ ᠶᠢᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠪᠣᠯᠤᠨ ᠨᠡᠷ᠎ᠡ ᠲᠥᠷᠥ ᠶᠢᠨ ᠳᠡᠭᠡᠭᠰᠢᠯᠡᠯᠲᠡ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠦᠭᠡᠳ ︽ᠳᠤᠮᠳᠠᠳᠤ ᠤᠯᠤᠰ ᠤᠨ ᠤᠷᠠᠨ ᠪᠢᠴᠢᠯᠭᠡ  · ᠣᠨ ᠤ ᠦᠵᠡᠭᠦᠯᠦᠯᠭᠡ︾ ᠦᠬᠠᠶ ᠬᠤᠲᠠ ᠲᠠᠢ ᠤᠷᠲᠤ ᠬᠤᠭᠤᠴᠠᠭᠠᠨ ᠤ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠬᠤ ᠳᠤᠷᠠᠲᠠᠶ ᠭᠡᠵᠦ ᠢᠯᠡᠷᠬᠡᠶᠢᠯᠡᠵᠡᠶ᠃      ᠬᠤᠶᠠᠷ ᠲᠠᠯ᠎ᠠ ᠪᠠᠷ ᠢᠶᠠᠨ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾ ᠢ ᠬᠤᠶᠠᠷ ᠵᠢᠯ ᠳᠤ ᠮᠠᠨ ᠤ ᠬᠤᠲᠠ ᠳᠤ ᠨᠢᠭᠡ ᠣᠳᠠᠭ᠎ᠠ ᠡᠷᠭᠢᠯᠡᠵᠤ᠂ ᠬᠠᠲᠤᠨ ᠭᠤᠤᠯ ᠤᠨ ᠬᠡᠷᠡᠯᠲᠤ ᠰᠣᠪᠣᠳ · ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠲᠠᠢ ᠬᠠᠮᠲᠤ ᠪᠠᠷ ᠡᠷᠭᠢᠯᠡᠨ᠎ᠡ︔ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠮᠠᠨ ᠤ ᠬᠤᠲᠠ ᠳᠤ ᠤᠷᠠᠨ ᠪᠢᠴᠢᠯᠭᠡ ᠵᠣᠬᠢᠶᠠᠨ ᠪᠦᠲᠦᠭᠡᠬᠦ ᠰᠤᠳᠤᠯᠭᠠᠨ ᠤ ᠰᠠᠭᠤᠷᠢᠨ ᠭᠠᠵᠠᠷ ᠪᠠᠶᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠤᠷᠠᠨ ᠪᠢᠴᠢᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ᠂ ᠤᠷᠠᠨ ᠪᠢᠴᠢᠯᠭᠡ ᠶᠢᠨ ᠰᠣᠯᠢᠯᠴᠠᠭ᠎ᠠ ᠶᠢ ᠠᠬᠢᠭᠤᠯᠬᠤ ᠲᠠᠪᠴᠠᠩ ᠢ ᠬᠠᠮᠲᠤ ᠪᠠᠷ ᠪᠠᠶᠢᠭᠤᠯᠤᠨ᠎ᠠ ᠬᠡᠵᠦ ᠲᠤᠭᠳᠠᠵᠠᠢ᠃      ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠲᠠ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾ ᠶᠢᠨ ᠪᠥᠬᠦ ᠤᠯᠤᠰ ᠤᠨ ᠤᠷᠠᠨ ᠪᠢᠴᠢᠯᠭᠡ ᠭᠤᠷ ᠰᠡᠶᠢᠯᠦᠮᠡᠯ ᠤᠨ ᠪᠦᠲᠦᠭᠡᠯ ᠤᠨ ᠦᠵᠡᠭᠦᠯᠦᠯᠭᠡ᠂ ᠣᠲᠣ ᠦᠶ᠎ᠡ ᠶᠢᠨ ᠤᠷᠠᠨ ᠪᠢᠴᠢᠯᠭᠡ ᠵᠣᠬᠢᠶᠠᠨ ᠪᠦᠲᠦᠭᠡᠬᠦ ᠡᠷᠳᠡᠮ ᠰᠢᠨᠵᠢᠯᠡᠭᠡᠨ ︵ᠦᠬᠠᠶ︶ ᠤ ᠶᠠᠷᠢᠶᠠᠨ ᠤ ᠲᠠᠪᠴᠠᠩ ᠤᠨ ᠡᠬᠡ ᠪᠢᠴᠢᠭ ᠡᠯᠰᠡᠬᠦ ᠠᠵᠢᠯᠯᠠᠭ᠎ᠠ ᠶᠢ ᠡᠬᠢᠯᠡᠭᠦᠯᠬᠦ ᠪᠣᠯᠤᠨ᠎ᠠ᠃ ᠬᠤᠶᠠᠷ ᠵᠦᠢᠯ ᠤᠨ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠭᠤᠤᠯ ᠰᠡᠳᠦᠪ ᠲᠠᠢ ᠤᠶᠠᠯᠳᠤᠭᠤᠯᠤᠨ᠂ 2021 ᠣᠨ ᠳᠤ ᠴᠠᠭ ᠲᠤᠭᠳᠠᠭᠠᠨ ᠡᠷᠭᠢᠯᠡᠬᠦ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号