ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠬᠦ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/30
     10 ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠬᠦ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠷᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠴᠢ ᠹᠸᠢ ᠶᠦᠨ᠂ ᠰᠣ᠋ ᠵᠦᠩ ᠱᠧᠩ᠂ ᠸᠠᠩ ᠵᠤᠤ ᠱᠧᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ︽ᠦᠬᠠᠶ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠬᠦᠨᠵᠡᠭᠡᠶᠢᠷᠡᠬᠦᠯᠬᠦ ᠬᠡᠷᠡᠭᠵᠢᠭᠦᠯᠬᠦ ᠲᠥᠰᠦᠯ︾ ᠤᠨ ᠲᠤᠬᠠᠶ ᠲᠣᠳᠣᠷᠬᠠᠶᠢᠯᠠᠯᠲᠠ ᠬᠢᠪᠠ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠢᠭᠡᠨ ᠭᠤᠤᠯᠳᠠᠯᠭ᠎ᠠ ᠲᠠᠢ ᠠᠵᠢᠯ ᠮᠥᠨ᠂ ᠨᠠᠮ ᠤᠨ ᠲᠥᠪ ᠬᠤᠷᠢᠶᠠᠨ ᠤ ᠰᠢᠭᠤᠳ ᠪᠠᠶᠢᠷᠢᠯᠠᠭᠤᠯᠤᠭᠰᠠᠨ ᠨᠢᠭᠡᠨ ᠴᠢᠬᠤᠯᠠ ᠶᠡᠭᠡ ᠥᠭᠡᠷᠡᠴᠢᠯᠡᠯᠲᠡ ᠮᠥᠨ᠃ ᠮᠥᠨᠴᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠮᠠᠨ ᠤ ᠬᠤᠲᠠ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠤᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠰᠠᠶᠢᠲᠤᠷ ᠠᠳᠬᠤᠬᠤ ᠶᠢ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠪᠣᠳᠠᠲᠤ ᠠᠵᠢᠯᠯᠠᠭ᠎ᠠ ᠪᠠ ᠪᠣᠳᠠᠲᠠᠶ ᠰᠢᠯᠭᠠᠯᠲᠠ ᠪᠤᠯᠭᠠᠵᠤ᠂ ᠤᠯᠤᠰ ᠤᠨ ᠦᠵᠦ ᠲᠥᠯᠥᠪᠯᠡᠭᠡ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠣᠭᠠᠷ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠨᠡᠬᠦ ᠥᠭᠡᠷᠡᠴᠢᠯᠡᠯᠲᠡ ᠶᠢᠨ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠬᠦᠭᠵᠢᠯᠳᠡ ᠪᠣᠯᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠡᠯ᠎ᠡ ᠲᠠᠯ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠨᠠᠮ ᠤᠨ ᠤᠳᠤᠷᠢᠳᠤᠯᠭ᠎ᠠ ᠭᠡᠬᠦ ᠡᠨᠡᠬᠦ ᠬᠠᠮᠤᠭ ᠤᠨ ᠶᠡᠭᠡ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠢᠮᠠᠭᠲᠠ ᠵᠥᠪ ᠴᠢᠭᠯᠡᠯ ᠢᠶᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠵᠠᠷᠴᠢᠮ ᠢ ᠪᠠᠷᠢᠮᠲᠠᠯᠠᠬᠤ ᠶᠢ ᠢᠮᠠᠭᠲᠠ ᠲᠤᠤᠱᠯᠠᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠰᠢᠨᠵᠢᠯᠡᠬᠦ ᠣᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠠᠵᠢᠯ ᠲᠥᠷᠥᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠠᠮᠵᠢᠯᠴᠠᠨ ᠠᠬᠢᠭᠤᠯᠵᠤ᠂ ᠣᠯᠠᠨ ᠨᠡᠶᠢᠳᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠰᠢᠭ ᠬᠦᠷᠲᠡᠭᠰᠡᠨ ᠲᠥᠷᠥᠭᠳᠡᠯ ᠢ ᠨᠠᠩ ᠭᠦᠢᠴᠡᠳ᠂ ᠵᠣᠯ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠬᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠤᠯᠭᠠᠬᠤ ᠪᠠᠷ ᠴᠢᠷᠮᠠᠶᠢᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠦᠢᠯᠡᠰ ᠤᠨ ᠨᠢᠭᠡᠴᠡ ᠶᠢᠨ ᠪᠠᠶᠢᠷᠢᠰᠢᠭᠤᠯᠤᠯᠲᠠ ᠶᠢᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠠᠵᠢᠯ ᠦᠢᠯᠡᠰ ᠤᠨ ᠨᠢᠭᠡᠴᠡ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠡᠮᠵᠢᠬᠦ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠲᠤᠷᠰᠢᠯᠳᠠ ᠶᠢᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠶ ᠨᠠᠷᠢᠯᠢᠭ ᠬᠢᠵᠦ᠂ ᠺᠠᠳ᠋ᠷ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ ᠲᠠᠶᠢᠯᠪᠤᠷᠢᠯᠠᠬᠤ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠥᠭᠡᠷᠡᠴᠢᠯᠡᠯᠲᠡ ᠶᠢᠨ ᠬᠤᠭᠤᠴᠠᠭᠠᠨ ᠳᠤ ᠦᠵᠡᠯ ᠰᠠᠨᠠᠭ᠎ᠠ ᠰᠠᠮᠠᠭᠤᠷᠠᠬᠤ ᠦᠭᠡᠢ᠂ ᠠᠵᠢᠯ ᠵᠤᠭᠰᠣᠬᠤ ᠦᠭᠡᠢ᠂ ᠡᠩᠨᠡᠭᠡ ᠰᠠᠷᠨᠢᠬᠤ ᠦᠭᠡᠢ᠂ ᠡᠷᠴᠢ ᠵᠣᠷᠢᠭ ᠰᠤᠯᠠᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠳᠠᠩ ᠢ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠯᠣᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠯᠭ᠎ᠠ ᠶᠢ ᠦᠨᠡᠨ ᠬᠦ ᠨᠡᠪᠲᠡᠷᠡᠲᠡᠯ᠎ᠡ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠠᠵᠢᠯᠯᠠᠬᠤ ᠠᠷᠭ᠎ᠠ ᠵᠠᠮ ᠢ ᠡᠵᠡᠮᠰᠢᠵᠦ᠂ ᠥᠭᠡᠷᠡᠴᠢᠯᠡᠯᠲᠡ ᠶᠢᠨ ᠡᠭᠦᠷᠭᠡ ᠶᠢ ᠤᠷᠤᠭᠰᠢᠲᠠᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠡᠷᠴᠢᠮ ᠢᠶᠠᠨ ᠴᠢᠩᠭᠠᠷᠠᠭᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ᠂ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠳᠡᠢ᠃ ᠡᠯ᠎ᠡ ᠵᠦᠢᠯ ᠤᠨ ᠠᠵᠢᠯ ᠢ ᠭᠦᠨᠵᠡᠭᠡᠶ ᠪᠥᠭᠡᠳ ᠨᠠᠷᠢᠯᠢᠭ ᠬᠢᠵᠦ᠂ ᠥᠭᠡᠷᠡᠴᠢᠯᠡᠯᠲᠡ ᠬᠦᠭᠵᠢᠯᠳᠡ ᠲᠣᠭᠲᠠᠭᠤᠨ ᠤ ᠬᠠᠷᠢᠴᠠᠭ᠎ᠠ ᠶᠢ ᠲᠣᠬᠢᠲᠠᠶ ᠰᠠᠶᠢᠲᠤᠷ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠬᠦᠭᠵᠢᠯᠳᠡ ᠪᠣᠯᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠬᠦ ᠭᠡᠷᠡᠭᠳᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠰᠠᠬᠢᠯᠭ᠎ᠠ ᠪᠠᠲᠤ ᠶᠢ ᠴᠢᠩᠳᠠᠯᠠᠨ᠂ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃      ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠠᠲᠤᠨ ᠭᠤᠤᠯ ᠤᠨ ᠬᠠᠶᠢᠷᠤᠪ ᠤᠨ ᠲᠣᠬᠤᠶ  ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠡᠯ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号