ᠬᠠᠷᠠᠬᠤᠳᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020/10/30
 

   

     10 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠠᠷᠠᠬᠤᠳᠠ ᠶᠢᠨ ᠨᠠᠮ ᠤᠨ ᠬᠤᠷᠢᠶᠠᠨ ᠤ

ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ

ᠸᠧᠨ ᠢᠦᠶ ᠬᠠᠷᠠᠬᠤᠳᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢᠶᠠᠨ ᠳᠠᠭᠠᠭᠤᠯᠤᠨ ᠮᠠᠨ ᠤ

ᠬᠤᠲᠠ ᠳᠤ ᠪᠣᠬᠢᠷᠲᠤᠯ ᠢ ᠰᠡᠷᠭᠡᠶᠢᠯᠡᠨ ᠵᠠᠰᠠᠬᠤ᠂ ᠣᠷᠴᠢᠨ ᠲᠤᠭᠤᠷᠢᠨ ᠤ ᠬᠠᠮᠠᠭᠠᠯᠠᠯᠲᠠ ᠪᠠ ᠠᠵᠤ

ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠵᠡᠷᠭᠡ ᠠᠵᠢᠯ

 ᠤᠨ ᠲᠤᠬᠠᠢ ᠰᠢᠨᠵᠢᠯᠡᠨ ᠪᠠᠶᠢᠴᠠᠭᠠᠯᠲᠠ ᠬᠢᠪᠠ᠃ ᠬᠠᠷᠠᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠮᠠ ᠫᠢᠩ ᠠᠨ᠂ ᠬᠠᠷᠠᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠵᠢᠶᠠᠨ ᠵᠢᠶᠦ᠋ᠨ ᠬᠠᠮᠲᠤ ᠰᠢᠨᠵᠢᠯᠡᠨ ᠪᠠᠶᠢᠴᠠᠭᠠᠪᠠ᠃

     ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ᠂ ᠳᠡᠳ᠋ ᠬᠤᠲᠠ ᠶᠢᠨ ᠳᠠᠷᠤᠭ᠎ᠠ ᠯᠢ

ᠴᠦᠨ ᠰᠢᠶᠤᠤ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃

      ᠰᠢᠨᠵᠢᠯᠡᠨ ᠪᠠᠶᠢᠴᠠᠭᠠᠬᠤ ᠪᠦᠯᠬᠦᠮ ᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤ ᠬᠦᠷᠴᠦ᠂

ᠤᠷᠢᠳ ᠬᠤᠵᠢᠳ ᠾᠧᠩ ᠶᠧ ᠴᠧᠩ᠂ ᠺᠠᠪᠦ᠋ᠸᠧᠲ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ

ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠭᠠᠷ ᠤᠷᠠᠯᠠᠯ ᠤᠨ ᠴᠤᠪᠤᠷᠠᠯ᠂ ᠪᠦᠲᠦᠭᠡᠭᠳᠡᠬᠦᠨ ᠢ

ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠨᠠᠮ ᠤᠨ ᠪᠠᠶᠢᠭᠤᠯᠤᠯᠲᠠ ᠰᠣᠶᠣᠯ ᠤᠨ ᠪᠠᠶᠢᠭᠤᠯᠤᠯᠲᠠ

ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ︔ ᠬᠦᠷᠢᠶᠡᠯᠡᠩ ᠲᠣᠭᠤᠷᠢᠭ ᠤᠨ ᠪᠣᠬᠢᠷ

ᠤᠰᠤ ᠰᠢᠢᠳᠪᠦᠷᠢᠯᠡᠬᠦ ᠦᠢᠯᠡᠳᠪᠦᠷᠢ ᠳᠤ᠂ ᠪᠣᠬᠢᠷ ᠤᠰᠤ ᠴᠤᠭᠯᠠᠭᠤᠯᠬᠤ᠂ ᠰᠢᠢᠳᠪᠦ‌‍ᠷᠢᠯᠡᠬᠦ ᠤᠷᠠᠨ ᠮᠡᠷᠭᠡᠰᠢᠯ᠂

ᠰᠢᠢᠳᠪᠦᠷᠢᠯᠡᠬᠦ ᠴᠢᠳᠠᠪᠤᠷᠢ ᠵᠢᠴᠢ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ︔ ᠹᠸᠢ ᠱᠢ

ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠠᠵᠤ ᠦᠢᠯᠡᠳᠪᠦᠷᠢ ᠶᠢᠨ ᠢᠨᠲ᠋ᠧᠷ

ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ

ᠬᠢᠨᠠᠮᠠᠭᠠᠶ ᠰᠣᠨᠣᠰᠪᠠ᠃ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ

ᠪᠦᠷᠢᠯᠳᠦᠬᠦᠨ ᠨᠠᠷ ᠲᠤᠭᠤᠷᠢᠨ ᠦᠵᠡᠬᠦ ᠶᠢᠨ ᠲᠠᠭᠠᠣ ᠰᠡᠳᠭᠢᠯ ᠲᠠᠯᠪᠢᠵᠦ᠂ ᠠᠩᠬᠠᠷᠤᠯ ᠲᠠᠯᠪᠢᠵᠤ ᠪᠠᠶᠢᠭ᠎ᠠ

ᠠᠭᠤᠯᠭ᠎ᠠ ᠶᠢ ᠠᠵᠢᠯᠲᠠᠳ ᠠᠴᠠ ᠨᠠᠷᠢᠨ ᠠᠰᠠᠭᠤᠨ ᠯᠠᠪᠯᠠᠵᠤ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠶᠢ

ᠬᠤᠪᠢᠷᠠᠭᠤᠯᠤᠨ ᠳᠡᠰ ᠳᠡᠪᠰᠢᠭᠦᠯᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠠᠵᠤ ᠠᠬᠤᠢ ᠶᠢᠨ ᠴᠢᠨᠠᠷ ᠰᠠᠶᠢᠲᠠᠢ

ᠬᠥᠭᠵᠢᠯᠲᠡ ᠶᠢᠨ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠮᠠᠭᠲᠠᠨ ᠰᠠᠶᠢᠰᠢᠶᠠᠪᠠ᠃

     ᠸᠠᠩ ᠸᠧᠨ ᠢᠦᠶ ᠢᠯᠡᠷᠭᠡᠶᠢᠯᠡᠭᠰᠡᠨ ᠨᠢ᠂ ᠬᠠᠷᠠᠬᠤᠳᠠ ᠪᠣᠯᠤᠨ ᠦᠬᠠᠶ ᠬᠤᠲᠠ ᠪᠣᠯ ᠴᠥᠮ ᠨᠡᠭᠦᠷᠡᠰᠦ ᠪᠠᠷ

ᠬᠦᠭᠵᠢᠭᠰᠡᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠪᠣᠯᠤᠨ᠎ᠠ᠃ ᠤᠶᠢᠷ᠎ᠠ ᠶᠢᠨ ᠵᠢᠯ ᠤᠨ ᠲᠤᠷᠰᠢ᠂ ᠦᠬᠠᠶ

ᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠢᠭᠡ

ᠲᠠᠯ᠎ᠠ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠶᠢ ᠠᠳᠬᠤᠵᠤ᠂ ᠨᠦᠬᠦᠡ

ᠲᠠᠯ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠳᠬᠤᠵᠤ᠂ ᠠᠮᠢ ᠠᠬᠤᠢ ᠶᠢ ᠤᠷᠢᠳ ᠢᠶᠠᠷ

ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ

ᠰᠢᠨ᠎ᠡ ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠵᠤ᠂ ᠡᠷᠬᠢᠮ ᠨᠠᠨᠳᠢᠨ

ᠲᠤᠷᠰᠢᠯᠭ᠎ᠠ ᠬᠤᠷᠠᠮᠳᠤᠭᠤᠯᠪᠠ᠂ ᠡᠨᠡ ᠨᠢ ᠮᠠᠰᠢ ᠰᠤᠷᠤᠯᠴᠠᠭᠤᠰᠢᠲᠠᠢ ᠪᠥᠭᠡᠳ ᠲᠤᠯᠢ ᠪᠤᠯᠤᠭᠤᠰᠢᠳᠠᠢ ᠶᠤᠮ᠃

ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠵᠢᠯᠴᠠᠭᠠᠨ ᠤ ᠣᠷᠣᠨ ᠵᠠᠶ ᠪᠠᠨ

ᠥᠷᠭᠡᠳᠬᠡᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠳᠠᠪᠰᠢᠵᠤ᠂ ᠣᠷᠣᠨ

ᠪᠦᠰᠡ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠢ

ᠶᠡᠷᠦᠩᠬᠡᠶᠢᠯᠡᠨ ᠵᠠᠰᠠᠬᠤ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ ᠬᠡᠵᠡᠢ᠃

     ᠱᠢ ᠸᠠᠨ ᠵᠢᠶᠦ᠋ᠨ ᠬᠠᠷᠠᠬᠤᠳᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠠᠶᠢᠯᠴᠢᠯᠠᠷ᠎ᠠ ᠢᠷᠡᠭᠰᠡᠨ ᠢ

ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠶ ᠬᠤᠲᠠ ᠪᠣᠯᠤᠨ ᠬᠠᠷᠠᠬᠤᠳᠠ

ᠠᠭᠤᠯᠠ ᠤᠰᠤ ᠪᠠᠷ ᠢᠶᠠᠨ ᠵᠠᠯᠭᠠᠯᠳᠤᠵᠤ᠂ ᠭᠠᠵᠠᠷ ᠨᠤᠲᠤᠭ ᠢᠶᠠᠷ ᠢᠶᠠᠨ ᠤᠶᠢᠷ᠎ᠠ ᠵᠡᠷᠭᠡᠯᠡᠳᠡᠭᠡ᠂ ᠰᠣᠶᠣᠯ

ᠢᠷᠭᠡᠨᠰᠢᠯ ᠢᠶᠠᠷ ᠢᠶᠠᠨ ᠬᠠᠷᠢᠯᠴᠠᠨ ᠳᠣᠲᠣᠨᠣ ᠪᠠᠶᠢᠵᠤ᠂ ᠰᠠᠶᠢᠨ ᠬᠥᠷᠰᠢ ᠰᠠᠶᠢᠨ ᠬᠠᠨᠢᠳᠠᠨ ᠮᠥᠨ᠃ ᠢᠯᠠᠩᠭᠤᠶ᠎ᠠ

ᠤᠶᠢᠷ᠎ᠠ ᠶᠢᠨ ᠵᠢᠯ ᠠᠴᠠ ᠨᠠᠰᠢ᠂ ᠦᠬᠠᠶ ᠬᠤᠲᠠ ᠪᠣᠯᠤᠨ ᠬᠠᠷᠠᠬᠤᠳᠠ ᠨᠢ ᠦᠪᠦᠷ ᠮᠤᠩᠭᠤᠯ ᠨᠢᠩᠰᠢᠶᠠ ᠶᠢᠨ

ᠬᠠᠮᠵᠢᠯᠴᠠᠭᠠᠨ ᠤ ᠬᠥᠭᠵᠢᠯᠲᠡ ᠶᠢᠨ ᠪᠠᠬᠢᠯᠡᠯᠲᠡ ᠪᠣᠯᠤᠭᠰᠠᠨ ᠤ ᠬᠤᠪᠢ ᠳᠤ ᠬᠥᠮᠦᠰ ᠤᠨ ᠶᠠᠪᠤᠯᠴᠠᠭ᠎ᠠ ᠣᠯᠠᠰᠢᠷᠠᠵᠤ᠂

ᠠᠵᠤ ᠠᠬᠤᠶ ᠶᠢᠨ ᠬᠠᠷᠢᠯᠴᠠᠭ᠎ᠠ ᠨᠢᠭᠲᠠ᠂ ᠬᠠᠮᠵᠢᠯᠴᠠᠨ ᠬᠥᠭᠵᠢᠬᠦ ᠪᠠᠶᠢᠳᠠᠯ ᠰᠠᠶᠢᠨ ᠪᠤᠯᠤᠭᠰᠠᠨ ᠪᠠᠶᠢᠨ᠎ᠠ᠃

ᠣᠳᠣᠬᠠᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠳᠠᠢ

ᠬᠥᠭᠵᠢᠯᠲᠡ ᠶᠢ ᠠᠬᠢᠭᠤᠯᠬᠤ ᠶᠠᠪᠤᠴᠠ ᠳᠤ ᠬᠤᠶᠠᠷ ᠲᠠᠯ᠎ᠠ ᠶᠢᠨ ᠬᠥᠭᠵᠢᠯᠲᠡ ᠶᠢᠨ ᠰᠡᠳᠬᠢᠴᠡ᠂ ᠪᠠᠶᠢᠯᠳᠤᠬᠤ

ᠪᠤᠳᠤᠯᠭ᠎ᠠ ᠶᠢᠨ ᠪᠠᠶᠢᠷᠢ ᠲᠣᠭᠲᠠᠭᠠᠯᠲᠠ᠂ ᠡᠭᠦᠷᠭᠡ ᠠᠷᠭ᠎ᠠ ᠬᠡᠮᠵᠢᠶ᠎ᠡ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠡᠳᠦᠷ

ᠢᠷᠡᠬᠦᠶ᠎ᠡ ᠴᠢᠩᠭᠠᠷᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ

ᠠᠴᠢ ᠬᠤᠯᠪᠣᠭᠳᠠᠯ ᠨᠡᠩ ᠲᠤᠪᠤᠶᠢᠮ᠎ᠠ᠂ ᠲᠠᠯᠳᠠ ᠬᠦᠴᠦᠨ ᠨᠡᠩ ᠯᠤᠲᠤ ᠶᠡᠭᠡ᠂ ᠢᠷᠡᠭᠡᠳᠦᠢ ᠨᠡᠩ ᠭᠡᠭᠡᠨ ᠰᠠᠷᠠᠭᠤᠯ

ᠪᠤᠯᠵᠠᠢ᠃ ᠬᠤᠶᠠᠷ ᠲᠠᠯ᠎ᠠ ᠪᠠᠷ ᠢᠶᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠪᠠᠲᠤ

ᠡᠵᠡᠮᠳᠡᠵᠦ᠂ ᠤᠯᠤᠯᠴᠠᠭ᠎ᠠ ᠬᠠᠷᠢᠯᠴᠠᠭ᠎ᠠ ᠪᠠᠨ ᠨᠢᠭᠲᠠᠷᠠᠭᠤᠯᠵᠤ᠂ ᠬᠥᠭᠵᠢᠯᠲᠡ ᠶᠢᠨ ᠬᠠᠮᠲᠤᠷᠠᠯ ᠬᠦᠴᠦᠨ ᠢᠶᠠᠨ

ᠨᠢᠭᠲᠠᠷᠠᠭᠤᠯᠵᠤ᠂ ᠠᠮᠢ ᠠᠬᠤᠢ ᠶᠢ ᠤᠷᠢᠳ ᠢᠶᠠᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ

ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠠᠷ ᠬᠤᠯᠪᠣᠨ ᠰᠠᠶᠢᠲᠤᠷ

ᠵᠠᠮᠨᠠᠰᠣᠭᠠᠢ ᠬᠡᠵᠡᠢ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号