ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠ ᠬᠦᠴᠦᠨ ᠦᠭᠡᠶ ᠪᠣᠯᠭᠠᠬᠤ ᠪᠠᠷ ᠨᠡᠶᠢᠳᠡᠯᠡᠬᠦ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2020/11/13
ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠ ᠬᠦᠴᠦᠨ ᠦᠭᠡᠶ ᠪᠣᠯᠭᠠᠬᠤ ᠪᠠᠷ ᠨᠡᠶᠢᠳᠡᠯᠡᠬᠦ ᠲᠤᠬᠠᠶ ᠲᠣᠭᠲᠠᠭᠠᠯ           ᠦᠬᠠᠶ ᠵᠠᠰᠠᠭ ᠲᠠᠷᠬᠠᠭᠠᠭᠰᠠᠨ ︹ 2020 ︺ 43 ᠳ᠋ᠤᠭᠠᠷ ᠲᠣᠭᠠᠲᠤᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠ ᠬᠦᠴᠦᠨ ᠦᠭᠡᠶ ᠪᠣᠯᠭᠠᠬᠤ ᠪᠠᠷ ᠨᠡᠶᠢᠲᠡᠯᠡᠬᠦ ᠲᠤᠬᠠᠶ ᠲᠣᠭᠲᠠᠭᠠᠯ      ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠲᠥᠪ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾᠂ ︽ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠ ᠬᠦᠴᠦᠨ ᠥᠬᠡᠶ ᠪᠣᠯᠭᠠᠬᠤ ᠪᠠᠷ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠂ ︽ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠲᠦᠭᠰᠢᠭᠦᠷᠢ ᠶᠢᠨ ᠪᠠᠷᠢᠴᠠᠭᠠᠨ ᠤ ᠮᠥᠩᠭᠦ ᠶᠢᠨ ᠲᠦᠷᠢᠮ ᠢ ᠬᠦᠴᠦᠨ ᠥᠬᠡᠶ ᠪᠣᠯᠭᠠᠬᠤ ᠲᠤᠬᠠᠶ ᠡᠳ᠋ ᠤᠨ ᠵᠠᠰᠠᠭ ᠤᠨ ᠶᠠᠮᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠳᠣᠪᠴᠢᠶᠠᠨ ᠤ ᠠᠷᠠᠳ ᠤᠨ ᠪᠠᠩᠬᠢ ᠶᠢᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠴᠡᠭᠴᠡᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠵᠡᠷᠭᠡ 8 ᠬᠤᠪᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠭᠠᠬᠤ ᠪᠠᠷ ᠲᠣᠭᠲᠠᠪᠠ᠃      ᠨᠢᠭᠡ᠂ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠭᠠᠬᠤ ᠪᠠᠷ ᠨᠡᠶᠢᠲᠡᠯᠡᠭᠰᠡᠨ 8 ᠬᠤᠪᠢ ᠪᠢᠴᠢᠭ ᠮᠠᠲ᠋ᠧᠷᠢᠶᠠᠯ ᠢ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠭᠦᠢᠴᠡᠳᠭᠡᠬᠦ ᠶᠢ ᠵᠣᠭᠰᠣᠭᠠᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃      ᠬᠤᠶᠠᠷ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠲᠣᠰ ᠲᠣᠭᠲᠠᠭᠠᠯ ᠢᠶᠠᠷ ᠬᠠᠷᠢᠴᠠᠭᠤᠯᠤᠯ ᠪᠣᠯᠭᠠᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠪᠣᠯᠤᠨ ᠨᠢᠭᠡᠴᠡ ᠶᠢᠨ ᠨᠡᠶᠢᠲᠡᠯᠡᠭᠰᠡᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠢᠯᠭᠠᠷᠠᠭᠤᠯᠬᠤ ᠬᠡᠷᠡᠭᠲᠡᠶ᠃      ᠳᠠᠭᠠᠯᠳᠤᠭᠤᠯᠤᠯ᠄ ᠬᠦᠴᠦᠨ ᠥᠬᠡᠶ ᠪᠣᠯᠭᠠᠬᠤ ᠪᠠ ᠬᠦᠴᠦᠨ ᠦᠭᠡᠢ ᠪᠣᠯᠭᠠᠬᠤ ᠪᠠᠷ ᠨᠡᠶᠢᠲᠡᠯᠡᠭᠰᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠪᠢᠴᠢᠭ ᠮᠠᠲ᠋ᠧᠷᠢᠶᠠᠯ ᠤᠨ ᠭᠠᠷᠴᠠᠭ ︵2000 ᠣᠨ — 2019 ᠣᠨ︶                                   2020 ᠣᠨ ᠤ 10 ᠰᠠᠷ᠎ᠠ ᠶᠢᠨ 30 ᠤ ᠡᠳᠦᠷ      ᠳᠠᠭᠠᠯᠳᠤᠭᠤᠯᠤᠯ      ᠬᠦᠴᠦᠨ ᠥᠬᠡᠶ ᠪᠣᠯᠭᠠᠬᠤ ᠪᠠ ᠬᠦᠴᠦᠨ ᠦᠭᠡᠢ ᠪᠣᠯᠭᠠᠬᠤ ᠪᠠᠷ ᠨᠡᠶᠢᠲᠡᠯᠡᠭᠰᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠪᠢᠴᠢᠭ ᠮᠠᠲ᠋ᠧᠷᠢᠶᠠᠯ ᠤᠨ ᠭᠠᠷᠴᠠᠭ    ︵2000 ᠣᠨ — 2019 ᠣᠨ︶      1. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          ᠦᠬᠠᠶ ᠵᠠᠰᠠᠭ ᠠᠯᠪᠠᠨ ᠲᠠᠷᠬᠠᠭᠠᠭᠰᠠᠨ ﹇2001﹈ 60 ᠳ᠋ᠤᠭᠠᠷ ᠲᠣᠭᠠᠲᠤ            ︽ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠴᠡᠭᠴᠡᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾      2. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          ᠦᠬᠠᠶ ᠵᠠᠰᠠᠭ ᠠᠯᠪᠠᠨ ᠲᠠᠷᠬᠠᠭᠠᠭᠰᠠᠨ ﹇2001﹈ 17 ᠳ᠋ᠤᠭᠠᠷ ᠲᠣᠭᠠᠲᠤ          ︽ᠦᠬᠠᠶ ᠬᠤᠲᠠ ᠶᠢᠨ ᠤᠯᠤᠰ ᠤᠨ ᠥᠮᠴᠢᠯᠡᠯᠲᠦ ᠨᠡᠭᠦᠷᠡᠰᠦᠨ ᠠᠭᠤᠷᠬᠠᠶ ᠶᠢᠨ ᠠᠭᠤᠷᠬᠠᠶ ᠡᠷᠬᠢᠯᠡᠭᠰᠡᠨ ᠵᠢᠵᠢᠭ ᠬᠤᠳᠳᠤᠭ ᠢ ᠬᠠᠭᠠᠬᠤ ᠪᠠ ᠰᠢᠶᠠᠩ ᠪᠠᠯᠭᠠᠰᠤᠨ ᠤ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠢ ᠵᠣᠭᠰᠣᠭᠠᠨ ᠴᠡᠭᠴᠡᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾      3. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ          ᠦᠬᠠᠶ ᠵᠠᠰᠠᠭ ᠠᠯᠪᠠᠨ ᠲᠠᠷᠬᠠᠭᠠᠭᠰᠠᠨ ﹇2002﹈ 30 ᠳ᠋ᠤᠭᠠᠷ ᠲᠣᠭᠠᠲᠤ          ︽ᠦᠬᠠᠶ ᠬᠤᠲᠠ ᠶᠢᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠭᠦᠨᠵᠡᠭᠡᠶᠢᠷᠡᠭᠦᠯᠬᠦ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾      4. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ          ᠦᠬᠠᠶ ᠵᠠᠰᠠᠭ ᠠᠯᠪᠠᠨ ᠲᠠᠷᠬᠠᠭᠠᠭᠰᠠᠨ ︹ 2014 ︺ 23 ᠳ᠋ᠤᠭᠠᠷ ᠲᠣᠭᠠᠲᠤ          ︽ᠦᠬᠠᠶ ᠬᠤᠲᠠ ᠶᠢᠨ 2014 ᠣᠨ ᠤ ᠣᠷᠣᠯᠭ᠎ᠠ ᠳᠣᠣᠷ᠎ᠠ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠨᠥᠬᠦᠪᠥᠷᠢ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ        5.ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ         ᠦᠬᠠᠶ ᠵᠠᠰᠠᠭ ᠠᠯᠪᠠᠨ ᠲᠠᠷᠬᠠᠭᠠᠭᠰᠠᠨ ︹ 2016 ︺ 17 ᠳ᠋ᠤᠭᠠᠷ ᠲᠣᠭᠠᠲᠤ         ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠬᠠᠤᠯᠢ ᠲᠣᠭᠲᠠᠭᠠᠯ ᠢ ᠵᠥᠷᠢᠴᠡᠨ ᠪᠦᠲᠦᠭᠡᠨ ᠪᠠᠶᠢᠭᠤᠯᠤᠭᠰᠠᠨ ᠨᠡᠭᠦᠷᠡᠰᠦᠨ ᠠᠭᠤᠷᠬᠠᠶ ᠶᠢ ᠦᠢᠯᠡᠳᠪᠦᠷᠢᠯᠡᠯ ᠢᠶᠠᠨ ᠳᠠᠷᠤᠶᠢᠬᠠᠨ ᠵᠣᠭᠰᠣᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠳᠠᠮᠵᠢᠭᠤᠯᠤᠨ ᠨᠡᠶᠢᠲᠡᠯᠡᠬᠦ ᠮᠡᠳᠡᠭᠳᠡᠯ      6. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ          ᠦᠬᠠᠶ ᠵᠠᠰᠠᠭ ᠠᠯᠪᠠᠨ ᠲᠠᠷᠬᠠᠭᠠᠭᠰᠠᠨ ︹ 2016 ︺ 79 ᠳ᠋ᠦ᠋ᠭᠡᠷ ᠲᠣᠭᠠᠲᠤ          ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠦᠬᠠᠶ ᠬᠤᠲᠠ ᠶᠢᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ      7. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ          ᠦᠬᠠᠶ ᠵᠠᠰᠠᠭ ᠲᠠᠷᠬᠠᠭᠠᠭᠰᠠᠨ ﹇2002﹈ 43 ᠳ᠋ᠤᠭᠠᠷ ᠲᠣᠭᠠᠲᠤ          ︽ᠣᠷᠣᠨ ᠨᠤᠲᠤᠭ ᠤᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢᠨ ᠲᠦᠭᠰᠢᠭᠦᠷᠢ ᠶᠢᠨ ᠪᠠᠷᠢᠴᠠᠭᠠᠨ ᠤ ᠮᠥᠩᠭᠦ ᠶᠢᠨ ᠳᠦᠷᠢᠮ ᠢ ᠪᠠᠶᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾      8. ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ          ᠦᠬᠠᠶ ᠵᠠᠰᠠᠭ ᠠᠯᠪᠠᠨ ᠲᠠᠷᠬᠠᠭᠠᠭᠰᠠᠨ ﹇2010﹈ 40 ᠳ᠋ᠦ᠋ᠭᠡᠷ ᠲᠣᠭᠠᠲᠤ          ︽ᠦᠬᠠᠶ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠯ ᠤᠨ ᠣᠷᠣᠨ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号