ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠠᠩᠬᠠᠳᠤᠭᠠᠷ ᠬᠤᠭᠤᠴᠠᠭᠠᠨ ᠤ ︽ᠭᠡᠰᠢᠭᠦᠳ ᠤᠨ ᠶᠠᠷᠢᠶᠠᠨ ᠤ ᠲᠠᠪᠴᠠᠩ︾ ᠡᠷᠭᠢᠯᠡᠪᠡ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 30 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠠᠩᠬᠠᠳᠠᠭᠴᠢ ᠬᠤᠭᠤᠴᠠᠭᠠᠨ ᠤ ︽ᠭᠡᠰᠢᠭᠦᠳ ᠤᠨ ᠶᠠᠷᠢᠶᠠᠨ ᠤ ᠲᠠᠪᠴᠠᠩ︾ ᠡᠷᠬᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠨ ᠵᠢᠴᠢ ᠪᠠᠶᠢᠭᠤᠯᠭ᠎ᠠ ᠶᠢᠨ ᠺᠠᠳ᠋ᠷ᠂ ᠭᠤᠷᠪᠠᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠨᠡᠶᠢᠲᠡ 160 ᠭᠠᠷᠤᠶ ᠬᠥᠮᠦᠨ ᠲᠠᠶᠢᠯᠤᠮᠵᠢ ᠶᠢ ᠰᠣᠨᠣᠰᠪᠠ᠃      ᠲᠠᠶᠢᠯᠤᠮᠵᠢ ᠨᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠤᠬᠠᠭᠳᠠᠬᠤᠨ ᠤ ᠡᠭᠦᠷᠭᠡ ᠴᠢᠳᠠᠪᠤᠷᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠶᠢᠨ ᠠᠭᠤᠯᠭ᠎ᠠ᠂ ᠭᠠᠶᠢᠯᠢ ᠲᠠᠲᠠᠪᠤᠷᠢᠯᠠᠬᠤ ᠡᠲᠡᠭᠡᠳ ᠵᠢᠴᠢ ︽ᠢᠷᠭᠡᠨ ᠤ ᠬᠠᠤᠯᠢ ᠶᠢᠨ ᠪᠢᠴᠢᠭ︾ ᠤᠨ ᠦᠨᠳᠦᠰᠦᠨ ᠮᠡᠳᠡᠯᠭᠡ᠂ ᠪᠦᠲᠦᠴᠡ ᠪᠠ ᠠᠭᠤᠯᠭ᠎ᠠ᠂ ᠠᠴᠢ ᠬᠤᠯᠪᠣᠭᠳᠠᠯ ᠪᠠ ᠴᠢᠳᠠᠮᠵᠢ ᠵᠡᠷᠭᠡ ᠠᠭᠤᠯᠭ᠎ᠠ ᠪᠠᠷ ᠭᠤᠤᠯᠳᠠᠯᠭ᠎ᠠ ᠪᠣᠯᠭᠠᠨ ᠥᠷᠨᠢᠭᠦᠯᠵᠦ᠂ ᠭᠦᠨᠵᠡᠭᠡᠶ ᠪᠥᠭᠡᠳ ᠣᠶᠢᠯᠠᠭᠠᠮᠵᠢᠲᠠᠶ ᠪᠠᠶᠢᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠯᠤᠨ ᠺᠠᠳ᠋ᠷ ᠠᠵᠢᠯᠲᠠᠨ ᠠᠵᠢᠯᠴᠢᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠵᠤ ᠬᠠᠮᠢᠶᠠᠷᠬᠤ ᠪᠠ ︽ᠢᠷᠭᠡᠨ ᠤ ᠬᠠᠤᠯᠢ ᠶᠢᠨ ᠪᠢᠴᠢᠭ︾ ᠢ ᠨᠠᠩ ᠰᠠᠶᠢᠲᠤᠷ ᠰᠤᠷᠤᠯᠴᠠᠨ ᠣᠶᠢᠯᠠᠭᠠᠬᠤ ᠳᠤ ᠢᠳᠡᠪᠬᠢᠲᠡᠶ ᠦᠢᠯᠡᠳᠦᠯ ᠲᠠᠢ ᠶᠤᠮ᠃      ᠣᠶᠢᠯᠠᠭᠠᠭᠰᠠᠨ ᠢᠶᠠᠷ᠂ ︽ᠭᠡᠰᠢᠭᠦᠳ ᠤᠨ ᠶᠠᠷᠢᠶᠠᠨ ᠤ ᠲᠠᠪᠴᠠᠩ︾ ᠪᠣᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠲᠤᠰᠢᠶᠠᠯ ᠢᠶᠠᠨ ᠬᠦᠢᠴᠡᠳᠬᠡᠵᠤ ᠰᠢᠨ᠎ᠡ ᠶᠢ ᠡᠭᠦᠳᠬᠦ ᠬᠠᠶᠢᠨ ᠰᠦᠪᠡᠭᠴᠢᠯᠡᠯᠲᠡ ᠮᠥᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠯ᠎ᠡ ᠡᠲᠡᠭᠡᠳ ᠤᠨ ᠣᠯᠠᠨ ᠲᠦᠮᠡᠨ ᠲᠠᠢ ᠬᠠᠷᠢᠯᠴᠠᠬᠤ᠂ ᠨᠡᠶᠢᠭᠡᠮ ᠨᠡᠶᠢᠳᠡ ᠳᠤ ᠵᠥᠪ ᠲᠠᠯ᠎ᠠ ᠶᠢᠨ ᠶᠠᠷᠢᠶ᠎ᠠ ᠲᠠᠯᠪᠢᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠ ᠣᠯᠠᠮᠵᠢᠯᠠᠭᠤᠯᠬᠤ ᠳᠤ ᠨᠢᠭᠡᠨ ᠰᠢᠨ᠎ᠡ ᠲᠠᠪᠴᠠᠩ ᠪᠠᠶᠢᠭᠤᠯᠬᠤ ᠪᠠᠷ ᠴᠢᠷᠮᠠᠶᠢᠵᠤ᠂ ᠡᠭᠦᠨ ᠤ ᠬᠠᠮᠲᠤ ᠪᠠᠰᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠢᠨ᠎ᠡ ᠴᠠᠭ ᠦᠶ᠎ᠡ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠴᠢᠬᠤᠯᠠ ᠴᠤᠩᠬᠤᠪᠴᠢ ᠪᠣᠯᠤᠭᠰᠠᠨ ᠪᠠᠶᠢᠨ᠎ᠠ᠃      ᠬᠤᠶᠢᠰᠢᠳᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠭᠡᠰᠢᠭᠦᠳ ᠤᠨ ᠶᠠᠷᠢᠶᠠᠨ ᠤ ᠲᠠᠪᠴᠠᠩ︾ ᠢ ᠡᠷᠬᠢᠯᠡᠬᠦ ᠪᠠᠷ ᠲᠣᠬᠢᠶᠠᠯ ᠪᠣᠯᠭᠠᠨ᠂ ᠨᠠᠮ ᠪᠣᠯᠤᠨ ᠤᠯᠤᠰ ᠤᠨ ᠦᠨᠳᠦᠰᠦᠨ ᠪᠣᠳᠣᠯᠭ᠎ᠠ ᠴᠢᠭᠯᠡᠯᠲᠡ ᠲᠥᠷᠥ ᠶᠢᠨ ᠪᠣᠳᠣᠯᠭ᠎ᠠ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠨᠣᠯ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠬᠠᠯᠠᠮᠰᠢᠯ ᠴᠢᠭ᠂ ᠬᠦᠴᠢᠷᠳᠡᠯ᠂ ᠲᠥᠪᠯᠡᠷᠡᠯ ᠤᠨ ᠴᠢᠭ ᠵᠡᠷᠭᠡ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠡᠷᠬᠢᠯᠡᠵᠤ᠂ ᠭᠡᠰᠢᠭᠦᠳ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠠᠷᠢᠴᠠᠭ᠎ᠠ ᠶᠢ ᠵᠣᠬᠢᠴᠠᠭᠤᠯᠬᠤ᠂ ᠶᠡᠭᠡ ᠲᠠᠯ᠎ᠠ ᠳᠤ ᠦᠢᠯᠡᠴᠢᠯᠡᠬᠦ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号