2020 ᠣᠨ ᠤ ᠲᠦᠷᠦᠭᠦᠤ ᠭᠤᠷᠪᠠᠨ ᠤᠯᠠᠷᠢᠯ ᠤᠨ ᠪᠥᠬᠦ ᠬᠤᠲᠠ ᠶᠢᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ 2020 ᠣᠨ ᠤ ᠲᠦᠷᠦᠭᠦᠤ ᠭᠤᠷᠪᠠᠨ ᠤᠯᠠᠷᠢᠯ ᠤᠨ ᠪᠥᠬᠦ ᠬᠤᠲᠠ ᠶᠢᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠠᠶ᠃ ᠡᠯ᠎ᠡ ᠲᠣᠭᠤᠷᠢᠭ ᠵᠢᠴᠢ ᠬᠤᠯᠪᠤᠭᠳᠠᠯ ᠪᠦᠬᠦᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠨᠠᠷᠢᠨ ᠪᠤᠳᠤᠯᠢᠶᠠᠨᠲᠠᠢ ᠬᠦᠨᠳᠦ ᠨᠤᠴᠢᠳᠠᠢ ᠠᠵᠤ ᠠᠬᠤᠢ ᠶᠢᠨ ᠪᠠᠶᠢᠳᠠᠯ ᠤᠨ ᠡᠮᠦᠨ᠎ᠡ᠂ ᠮᠠᠨ ᠤ ᠬᠤᠲᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠠᠵᠤ ᠠᠬᠤᠶ ᠶᠢᠨ ᠬᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠵᠤ᠂ ᠰᠠᠶᠢᠵᠢᠷᠠᠬᠤ ᠬᠠᠨᠳᠤᠰᠢ ᠲᠤᠭᠳᠠᠭᠤᠨ ᠪᠠᠶᠢᠨ᠎ᠠ᠃ ᠭᠡᠪᠡᠴᠦ ᠡᠭᠦᠨ ᠤ ᠬᠠᠮᠲᠤ ᠪᠠᠰᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠣᠯᠵᠤ ᠬᠠᠷᠠᠬᠤ ᠬᠡᠷᠡᠭᠳᠡᠢ᠃ ᠪᠦᠬᠦ ᠬᠤᠲᠠ ᠲᠠᠶᠠᠭᠠᠷ ᠢᠶᠠᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠵᠠᠰᠠᠯᠳᠠ ᠪᠠᠨ ᠱᠠᠯᠠᠪᠳᠠᠭᠤᠯᠤᠨ ᠲᠡᠭᠦᠯᠳᠡᠷᠵᠢᠭᠦᠯᠵᠦ᠂ ᠬᠥᠭᠵᠢᠯᠲᠡ ᠶᠢᠨ ᠶᠡᠭᠡ ᠬᠠᠨᠳᠤᠰᠢ ᠶᠢ ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠶᠢ ᠠᠳᠬᠤᠵᠤ᠂ ᠬᠦᠴᠢᠷᠳᠡᠯ ᠢ ᠢᠯᠠᠨ ᠳᠠᠪᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠦᠭᠰᠢᠬᠦᠷᠢ ᠶᠢᠨ ᠳᠤᠮᠳᠠ ᠠᠵᠠ ᠲᠣᠬᠢᠶᠠᠯ ᠢ ᠡᠬᠦᠳᠬᠦ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠴᠢᠳᠠᠮᠠᠭᠠᠢ ᠨᠡᠭᠡᠭᠡᠬᠦ ᠪᠠᠷ ᠴᠢᠷᠮᠠᠶᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠰᠲ᠋ᠧᠮ ᠤᠨ ᠴᠢᠨᠠᠷᠳᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠭᠢᠬᠤ ᠬᠡᠷᠡᠭᠳᠡᠢ᠃ ᠲᠥᠷᠥᠯ ᠵᠦᠢᠯ ᠤᠨ ᠪᠡᠯᠡ ᠣᠷᠣᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠣᠯᠠᠨ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢᠶᠠᠨ ᠰᠠᠶᠢᠲᠤᠷ ᠠᠳᠬᠤᠵᠤ᠂ ᠶᠡᠭᠡ ᠬᠦᠴᠦ ᠣᠷᠣᠭᠤᠯᠵᠤ ᠪᠠᠶᠢᠭᠠᠳ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠵᠤ᠂ ᠬᠥᠭᠵᠢᠯᠲᠡ ᠶᠢᠨ ᠰᠠᠭᠤᠷᠢ ᠪᠠᠨ ᠪᠠᠬᠢᠵᠢᠬᠦᠯᠬᠦ ᠬᠡᠷᠡᠭᠳᠡᠢ᠃ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷᠳᠡᠯ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠳᠡᠢ᠃ ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠪᠠ ᠲᠤᠰᠬᠠᠶ ᠠᠵᠢᠯᠯᠠᠭ᠎ᠠ ᠪᠠᠨ ᠪᠤᠳᠠᠳᠠᠢ ᠨᠠᠷᠢᠯᠢᠭ ᠬᠢᠵᠦ᠂ ᠠᠶᠤᠯᠬᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ ᠬᠡᠵᠡᠢ᠃      ᠱᠢ ᠸᠠᠨ ᠵᠢᠶᠦ᠋ᠨ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠣᠨ ᠤ ᠭᠤᠣᠯᠳᠠᠯᠭ᠎ᠠ ᠲᠠᠢ ᠠᠵᠢᠯ ᠤᠨ ︽ᠡᠷᠭᠢᠨ ᠬᠠᠷᠠᠬᠤ︾ ᠪᠠᠨ ᠱᠠᠯᠠᠪᠳᠠᠨ ᠰᠠᠶᠢᠲᠤᠷ ᠬᠢᠵᠦ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠨᠠᠷᠢᠯᠢᠭ ᠣᠨᠣᠴᠠᠲᠠᠶ ᠪᠠᠷ ᠲᠣᠬᠢᠷᠠᠭᠤᠯᠤᠯᠲᠠ ᠬᠢᠵᠦ᠂ ︽ᠬᠦᠯᠢᠶᠡᠵᠦ ᠪᠣᠯᠬᠤ ᠥᠬᠡᠶ᠂ ᠰᠠᠭᠤᠵᠤ ᠪᠤᠯᠬᠤ ᠥᠬᠡᠶ᠂ ᠤᠳᠠᠭᠠᠰᠢᠷᠠᠭᠤᠯᠵᠤ ᠪᠣᠯᠬᠤ ᠥᠬᠡᠶ︾ ᠠᠵᠢᠯ ᠤᠨ ᠪᠠᠶᠢᠳᠠᠯ ᠢᠶᠠᠷ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠬᠡᠵᠡᠢ᠃      ᠳᠠᠩ ᠢ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠲᠠᠭᠤ ᠴᠢᠩᠭ᠎ᠠ ᠪᠠᠶᠢᠳᠠᠯ ᠳᠤ ᠰᠢᠭᠤᠳ ᠬᠠᠨᠳᠣᠬᠤ᠂ ᠰᠡᠷᠭᠡᠭ ᠴᠢᠩᠭ᠎ᠠ ᠡᠷᠡᠰ ᠪᠠᠲᠤ ᠪᠠᠶᠢᠬᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠪᠠᠨ ᠴᠢᠩᠭᠠᠳᠬᠠᠵᠤ᠂ ᠣᠷᠬᠢᠭᠳᠠᠯ ᠢᠶᠠᠨ ᠪᠠᠶᠢᠴᠠᠭᠠᠨ ᠳᠤᠲᠠᠭᠤ ᠪᠠᠨ ᠨᠥᠬᠦᠪᠥᠷᠢᠯᠡᠵᠦ ᠂ ᠭᠠᠪᠰᠢᠭᠠᠶᠢᠯᠠᠨ ᠪᠣᠰᠴᠤ ᠱᠠᠯᠠᠮᠠᠭᠠᠶᠢᠯᠠᠨ ᠨᠡᠭᠡᠨ ᠬᠦᠢᠴᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠡᠷᠡᠭᠯᠡᠭᠡᠨ ᠤ ᠬᠤᠪᠢ ᠨᠡᠮᠡᠷᠢ ᠪᠠᠨ ᠲᠡᠭᠡᠭᠰᠢᠯᠡᠬᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠪᠠᠶᠢᠬᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠶ ᠲᠥᠯᠥᠪᠵᠢᠭᠦᠯᠪᠡ ᠶᠢ ᠤᠷᠢᠳᠴᠢᠯᠠᠨ ᠲᠥᠯᠥᠪᠯᠡᠨ ᠲᠣᠭᠲᠠᠭᠠᠵᠤ᠂ ᠢᠷᠡᠬᠦ ᠵᠢᠯ ᠤᠨ ᠠᠵᠢᠯ ᠢᠶᠠᠨ ᠡᠷᠲᠡᠬᠡᠨ ᠲᠥᠯᠥᠪᠯᠡᠵᠦ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠬᠤᠶᠠᠷ ᠢ ᠦᠨᠡᠨᠬᠦ ᠪᠠᠲᠤᠯᠠᠬᠤ︾ ᠠᠵᠢᠯ ᠤᠨ ᠱᠠᠭᠠᠷᠳᠠᠯᠭ᠎ᠠ ᠶᠢ ᠴᠢᠷᠮᠠᠶᠢᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠠᠭᠤᠳᠠᠰᠣ ᠶᠢ ᠲᠤᠰᠢᠶᠠᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号