ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠠᠷᠪᠠ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ    ᠸᠠᠩ ᠸᠧᠨ ᠵᠢᠶᠧ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2020/11/23
     11 ᠰᠠᠷ᠎ᠠ ᠶᠢᠨ 20 ᠤ ᠡᠳᠦᠷ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠠᠷᠪᠠ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠬᠦᠯᠡᠭᠴᠢ ᠸᠠᠩ ᠸᠧᠨ ᠵᠢᠶᠧ ᠬᠤᠷᠠᠯ ᠢ ᠡᠷᠬᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠬᠤᠸᠠ ᠹᠧᠩ᠂ ᠺᠠᠩ ᠸᠧᠨ ᠱᠧᠩ᠂ ᠹᠦ᠋ ᠲᠢᠩ ᠯᠢᠨ᠂ ᠸᠠᠩ ᠶᠢᠦ ᠵᠢᠶᠦ᠋ᠨ᠂ ᠳ᠋ᠢᠩ ᠢ᠂ ᠸᠠᠩ ᠰᠢᠶᠠᠨ ᠭᠠᠩ᠂ ᠸᠠᠩ ᠮᠢᠩ ᠸᠠᠩ ᠵᠢᠴᠢ 28 ᠪᠠᠶᠢᠩᠭᠤ ᠶᠢᠨ ᠭᠡᠰᠢᠭᠦᠨ᠂ ᠭᠡᠰᠢᠭᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠤᠯᠤᠰ ᠤᠨ ᠲᠤᠮᠳᠠ ᠣᠷᠳᠣ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ ᠠᠰᠠᠭᠤᠳᠠᠯ ᠤᠳ︾ ︽ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠭᠡᠰᠢᠭᠦᠨ ᠭᠡᠰᠢᠭᠦᠨ ᠤ ᠨᠠᠮ ᠤᠨ ᠭᠠᠳᠠᠨᠠᠬᠢ ᠭᠡᠰᠢᠭᠦᠳ ᠲᠠᠢ ᠬᠠᠷᠢᠯᠴᠠᠬᠤ ᠲᠦᠷᠢᠮ ᠢ ᠪᠠᠶᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︽ᠦᠬᠠᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠬᠦᠨ ᠨᠡᠷ ᠬᠡᠰᠢᠬᠦᠳ ᠢ ᠪᠣᠯᠭᠤᠭᠠᠨ ᠦᠵᠡᠬᠦ ᠲᠤᠬᠠᠶ ᠠᠷᠭ᠎ᠠ ︵ᠲᠤᠷᠰᠢᠨ ᠬᠡᠷᠡᠭᠵᠢᠭᠦᠯᠬᠦ︶︾ ︽ᠰᠢ ᠶᠢᠨ ᠫᠢᠩ ᠤᠨ ᠰᠢᠨ᠎ᠡ ᠴᠠᠭ ᠦᠶ ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠵᠤ ᠶᠠᠷᠢᠯᠴᠠᠬᠤ ᠬᠤᠷᠠᠯ ᠤᠨ ᠲᠦᠷᠢᠮ ᠢ ᠲᠡᠭᠦᠯᠳᠡᠷᠵᠢᠭᠦᠯᠬᠦ ᠲᠤᠬᠠᠶ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠥᠲᠥᠯᠪᠦᠷᠢ ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠣᠷᠣᠯᠴᠠᠪᠠ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠣᠯᠣᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠠᠰᠢᠭᠲᠠᠶ ᠪᠠᠶᠢᠳᠠᠯ ᠢ ᠠᠰᠢᠭᠯᠠᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠃ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠡᠭᠢᠯᠡᠯᠳᠡ  ᠲᠠᠢ ᠪᠤᠯᠭᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠡᠭᠦᠷᠭᠡ ᠳᠤ ᠦᠢᠯᠡᠴᠢᠯᠡᠬᠦ ᠪᠠᠷ ᠭᠤᠤᠯᠳᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠠᠵᠢᠯ ᠤᠨ ᠶᠠᠰᠤ ᠴᠢᠨᠠᠷ ᠢᠶᠠᠨ ᠲᠡᠭᠡᠭᠰᠢᠯᠡᠬᠦᠯᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠬᠠᠮᠲᠤ ᠪᠠᠷ ᠠᠬᠢᠭᠤᠯᠬᠤ ᠬᠡᠷᠡᠭᠳᠡᠢ᠃ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠤᠯᠪᠤᠭᠳᠠᠯ ᠪᠦᠬᠦᠢ ᠳᠦᠷᠢᠮ᠂ ᠳᠡᠰ ᠳᠠᠷᠠᠭᠠᠯᠠᠯ ᠪᠠ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠦᠪᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠲᠤᠭᠳᠠᠭᠠᠭᠰᠠᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠪᠠᠶᠢᠴᠠᠭᠠᠨ ᠰᠣᠳᠣᠯᠣᠯᠳᠠ ᠶᠢ ᠭᠦᠨᠵᠡᠭᠡᠶ ᠥᠷᠨᠢᠭᠦᠯᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠤᠨ ᠶᠠᠪᠤᠳᠠᠯ ᠢ ᠵᠥᠪᠯᠡᠵᠦ᠂ ᠨᠠᠮ ᠵᠠᠰᠠᠭ ᠤᠨ ᠰᠢᠢᠳᠪᠦᠷᠢᠲᠤ ᠪᠤᠳᠤᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ᠃ ᠠᠵᠢᠯ ᠤᠨ ᠨᠢᠭᠡᠳᠦᠯᠲᠡᠶ ᠲᠥᠯᠥᠪᠵᠢᠭᠦᠯᠪᠡ ᠪᠠ ᠲᠣᠬᠢᠷᠠᠭᠤᠯᠤᠯᠲᠠ ᠪᠠᠨ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠭ᠎ᠠ ᠶᠢ ᠰᠠᠶᠢᠲᠤᠷ ᠡᠵᠡᠮᠰᠢᠵᠦ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠰᠠᠶᠢᠲᠤᠷ ᠪᠡᠶᠡᠯᠡᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠳᠤ ᠬᠤᠪᠢ ᠨᠡᠮᠡᠷᠢ ᠦᠵᠡᠬᠦᠯᠬᠦ ᠬᠡᠷᠡᠭᠳᠢᠡ ᠬᠡᠵᠡᠢ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠪᠠ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号