ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 26 ᠳ᠋ᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠪᠠ   ᠲᠠᠩ ᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/11/23
     11 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠣᠭᠴᠢ ᠳᠠᠩ ᠢ ᠵᠢᠯᠣᠭᠤᠳᠬᠤ ᠭᠠᠵᠠᠷ ᠤᠨ 26 ᠳ᠋ᠤᠭᠠᠷ ᠣᠳᠠᠭᠠᠨ ᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤ‌‍ᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠨᠵᠡᠭᠡᠶ ᠵᠠᠳᠠᠯᠵᠤ ᠰᠣᠳᠣᠯᠣᠨ ᠮᠠᠭᠠᠳᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠲᠤᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠳᠠ ᠶᠢᠨ ᠳᠠᠷᠤᠭ᠎ᠠ ᠸᠠᠩ ᠵᠤᠤ ᠱᠧᠩ᠂ ᠳᠡᠳ᠋ ᠬᠤᠳᠠ ᠶᠢᠨ ᠳᠠᠷᠤᠭ᠎ᠠ ᠯᠢᠶᠠᠩ ᠱᠣ᠋ ᠫᠢᠩ᠂ ᠯᠢᠦ ᠰᠣ᠋ ᠬᠤᠩ᠂ ᠰᠦᠨ ᠬᠤᠤ᠂ ᠯᠢ ᠴᠦᠨ ᠰᠢᠶᠤᠤ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠬᠦ ᠪᠦᠬᠦ ᠳᠡᠯᠡᠬᠡᠶ ᠶᠢᠨ ᠬᠡᠪᠴᠢᠶᠡᠨ ᠳᠤ ᠶᠡᠭᠡ ᠪᠠᠷ ᠲᠠᠷᠬᠠᠵᠤ᠂ ᠤᠯᠤᠰ ᠤᠨ ᠳᠣᠲᠣᠭᠠᠳᠤ ᠶᠢᠨ ᠤᠷᠤᠨ ᠨᠤᠲᠤᠭ ᠤᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠳᠠᠬᠢᠨ ᠢᠯᠡᠷᠡᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠭᠠᠳᠠᠭᠠᠳᠤ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ ᠳᠠᠷᠤᠯᠲᠠ ᠯᠤᠲᠤ ᠶᠡᠭᠡ ᠪᠠᠶᠢᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ ᠤ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠲᠠᠶᠢᠨ ᠤ ᠦᠶ᠎ᠡ ᠶᠢᠨ ᠪᠠᠶᠢᠳᠠᠯ ᠢ ᠢᠮᠠᠭᠲᠠ ᠪᠠᠷᠢᠮᠲᠠᠯᠠᠵᠤ᠂ ᠥᠴᠦᠬᠡᠨ ᠴᠦ ᠠᠵᠠ ᠵᠠᠪᠰᠢᠶᠠᠨ ᠡᠷᠢᠬᠦ ᠰᠡᠳᠬᠢᠯᠭᠡ ᠪᠠ ᠮᠢᠨᠴᠦᠭᠦᠷᠡᠬᠦ ᠦᠵᠡᠯ ᠰᠠᠨᠠᠭ᠎ᠠ ᠲᠠᠢ ᠪᠠᠶᠢᠵᠤ ᠪᠣᠯᠬᠤ ᠦᠭᠡᠢ᠂ ᠭᠠᠳᠠᠭᠠᠳᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠭᠡᠮ ᠢ ᠪᠦᠬᠦ ᠲᠠᠯ᠎ᠠ ᠪᠠᠷ ᠭᠦᠨᠵᠡᠭᠡᠶ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠠᠯᠳᠠᠰᠢ ᠭᠠᠷᠬᠤ ᠶᠢ ᠬᠤᠷᠢᠭᠯᠠᠬᠤ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠶᠢ ᠲᠦᠷᠭᠡᠳᠬᠡᠵᠦ᠂ ᠥᠴᠦᠬᠡᠨ ᠴᠦ ᠰᠤᠯᠠᠷᠠᠭᠤᠯᠤᠯ ᠥᠬᠡᠶ ᠪᠠᠷ ᠪᠣᠳᠠᠲᠠᠶ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠬᠦᠯᠵᠢᠯᠡᠨ ᠪᠠᠬᠢᠵᠢᠬᠦᠯᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠡᠷᠭᠡᠨ ᠥᠷᠲᠡᠭᠡ ᠨᠢᠰᠬᠡᠯ ᠤᠨ ᠪᠠᠭᠤᠳᠠᠯ᠂ ᠵᠣᠴᠢᠳ ᠤᠨ ᠪᠠᠭᠤᠳᠠᠯ᠂ ᠡᠮᠴᠢᠯᠡᠭᠡᠨ ᠤ ᠪᠠᠶᠢᠭᠤᠯᠤᠮᠵᠢ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠴᠢᠯᠦᠭᠡᠲᠤ ᠳᠡᠯᠭᠡᠭᠦᠷ᠂ ᠰᠤᠷᠭᠠᠭᠤᠯᠢ ᠵᠡᠷᠭᠡ ᠭᠤᠤᠯᠳᠠᠯᠭ᠎ᠠ ᠲᠠᠢ ᠲᠠᠯᠠᠪᠤᠷ ᠢ ᠦᠷᠭᠦᠯᠵᠢᠯᠡᠨ ᠴᠢᠩᠭ᠎ᠠ ᠠᠩᠬᠠᠷᠴᠤ᠂ ᠰᠢᠮᠳᠠᠭᠤᠯᠤᠨ ᠵᠢᠯᠣᠭᠤᠳᠴᠤ ᠳᠠᠯᠳᠠᠭᠤᠷ ᠰᠤᠷᠪᠤᠯᠵᠢᠯᠠᠨ ᠪᠠᠶᠢᠴᠠᠭᠠᠬᠤ ᠪᠠᠨ ᠴᠢᠩᠭᠠᠳᠬᠠᠵᠤ᠂ ᠪᠥᠬᠦ ᠲᠠᠯ᠎ᠠ ᠪᠠᠷ ᠲᠤᠶᠢᠯᠪᠤᠷᠢᠳᠠᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠠᠬ᠎ᠠ ᠳᠡᠯᠭᠡᠭᠦᠷ ᠲᠤ ᠣᠷᠣᠬᠤ ᠬᠥᠮᠦᠰ ᠤᠨ ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠭᠤᠤᠯᠳᠠᠯᠭ᠎ᠠ ᠲᠠᠢ ᠬᠥᠮᠦᠰ ᠢ ᠪᠠᠶᠢᠩᠭᠤᠵᠢᠭᠤᠯᠤᠨ ᠬᠢᠨᠠᠨ ᠬᠡᠮᠵᠢᠬᠦ ᠪᠠᠨ ᠴᠢᠩᠭᠠᠳᠬᠠᠵᠤ᠂ ᠣᠷᠣᠭᠤᠯᠬᠤ ᠪᠣᠭᠤᠮᠲᠠ ᠶᠢ ᠴᠢᠩᠭ᠎ᠠ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠳᠡ ᠶᠢᠨ ᠱᠤᠭᠤᠮ ᠢ ᠦᠨᠡᠨᠬᠦ ᠪᠠᠲᠤ ᠪᠠᠬᠢ ᠪᠠᠶᠢᠭᠤᠯᠵᠤ᠂ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠥᠭᠡᠴᠡᠯᠡᠵᠦ᠂ ᠡᠮ ᠡᠮᠨᠡᠯᠭᠡ ᠶᠢᠨ ᠡᠬᠢ ᠪᠠᠶᠠᠯᠢᠭ᠂ ᠰᠡᠷᠭᠡᠶᠢᠯᠡᠨ ᠵᠠᠰᠠᠬᠤ ᠡᠳ᠋ ᠪᠠᠷᠠᠭ᠎ᠠ᠂ ᠠᠵᠢᠯᠲᠠᠨ ᠤ ᠬᠦᠴᠦᠨ  ᠢᠶᠠᠨ ᠨᠢᠬᠡᠳᠦᠯᠳᠡᠢ ᠲᠥᠯᠥᠪᠯᠡᠨ ᠴᠤᠭᠯᠠᠭᠤᠯᠵᠤ᠂ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠭᠠᠬᠤ ᠶᠢ ᠪᠠᠲᠤᠯᠠᠬᠤ ᠬᠡᠷᠡᠭᠲᠡᠶ᠃ ᠵᠢᠯᠣᠭᠤᠳᠣᠯᠭ᠎ᠠ ᠨᠢ ᠬᠦᠴᠦᠲᠡᠶ᠂ ᠵᠣᠬᠢᠶᠠᠨ ᠪᠠᠶᠢᠭᠤᠯᠤᠯᠲᠠ ᠨᠢ ᠡᠮᠬᠢ ᠳᠢᠭᠯᠢᠮ ᠲᠠᠢ᠂ ᠬᠠᠮᠢᠶᠠᠷᠤᠯᠲᠠ ᠡᠵᠡᠮᠳᠡᠯ ᠨᠢ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ᠂ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠵᠢᠭ ᠭᠠᠷᠤᠮᠠᠭᠴᠠ ᠲᠡᠷᠡ ᠳᠠᠷᠤᠶ ᠳᠤᠨᠢ ᠳᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠳᠡᠢ᠃ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠪᠠᠨ ᠨᠡᠮᠡᠭᠳᠡᠭᠦᠯᠵᠦ᠂ ᠬᠤᠲᠠ ᠶᠢᠨ ᠠᠷᠠᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠣᠶ ᠪᠣᠯᠤᠭᠰᠠᠨ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠪᠠᠶᠢᠩᠭᠤ ᠨᠡᠪᠳᠡᠷᠡᠭᠦᠯᠬᠦ᠂ ᠴᠥᠭᠡᠨ ᠴᠤᠭᠯᠠᠷᠠᠬᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠵᠡᠷᠭᠡ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢᠨ ᠳᠠᠳᠬᠠᠯ ᠢᠶᠠᠨ ᠪᠠᠲᠤᠯᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠬᠤ ᠬᠡᠷᠡᠭᠲᠡᠶ ᠬᠡᠵᠡᠢ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号