ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠦᠷᠭᠡᠳᠭᠡᠭᠰᠡᠨ︶ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ ᠱᠢ ᠸᠠᠨ ᠵᠢᠶᠦ᠋ᠨ ᠬᠤᠷᠠᠯ ᠢ ᠡᠷᠬᠢᠯᠡᠵᠦ ᠲᠠᠩ ᠢ  ᠬᠠᠨ ᠬᠦᠸᠧ ᠦ᠋  ᠸᠠᠩ ᠸᠧᠨ ᠵᠢᠶᠧ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/11/23
     11 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠬᠡᠰᠡᠭ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ︽ᠦᠬᠠᠶ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ᠪᠠ 2035 ᠣᠨ ᠤ ᠠᠯᠤᠰ ᠤᠨ ᠬᠠᠷᠠᠯᠲᠠ︾ ᠶᠢ ᠲᠤᠭᠤᠷᠪᠢᠨ ᠪᠢᠴᠢᠭᠰᠡᠨ ᠶᠠᠪᠤᠴᠠ ᠪᠠ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠮᠠᠨ ᠤ ᠬᠤᠲᠠ ᠶᠢᠨ ᠢᠷᠡᠬᠦ ᠲᠠᠪᠤᠨ ᠵᠢᠯ ᠴᠢᠨᠠᠭᠰᠢᠯᠠᠪᠠᠯ ᠨᠡᠩ ᠤᠷᠲᠤ ᠬᠤᠭᠤᠴᠠᠭᠠᠨ ᠤ ᠬᠥᠭᠵᠢᠯᠲᠡ ᠳᠤ ᠲᠦᠢᠯ ᠤᠨ ᠴᠢᠬᠤᠯᠠ ᠶᠤᠮ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠢᠴᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠣᠨᠴᠠᠯᠢᠭ ᠱᠠᠭᠠᠷᠳᠠᠯᠭ᠎ᠠ ᠶᠢ ᠪᠠᠲᠤ ᠡᠵᠡᠮᠰᠢᠵᠦ᠂ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ ᠠᠬᠤᠢ ᠶᠢ ᠤᠷᠢᠳ ᠢᠶᠠᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠳᠡᠢ᠃ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠢᠩᠭᠡᠭᠡᠨ ᠠᠪᠴᠤ᠂ ᠨᠠᠷᠢᠨ ᠬᠢᠨᠠᠮᠠᠭᠠᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠮᠠᠨ ᠤ ᠬᠤᠲᠠ ᠶᠢᠨ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠨᠠᠶᠢᠳᠠᠪᠤᠷᠢᠵᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠪᠠᠶᠢᠷᠢ ᠲᠣᠭᠲᠠᠭᠠᠯᠲᠠ ᠶᠢᠨ ᠲᠠᠯ᠎ᠠ ᠪᠠᠷ ᠲᠠᠬᠢᠨ ᠰᠢᠯᠢᠳᠡᠭᠵᠢᠬᠦᠯᠬᠦ᠂ ᠥᠭᠦᠯᠡᠯᠲᠡ ᠶᠢᠨ ᠲᠠᠯ᠎ᠠ ᠪᠠᠷ ᠨᠡᠩ ᠣᠨᠣᠪᠴᠢᠲᠠᠶ᠂ ᠭᠤᠤᠯᠳᠠᠯᠭ᠎ᠠ ᠲᠠᠢ ᠲᠠᠯ᠎ᠠ ᠪᠠᠷ ᠨᠡᠩ ᠲᠣᠪᠤᠶᠢᠮ᠎ᠠ᠂ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠬᠠᠷᠠᠯᠲᠠ ᠶᠢᠨ ᠲᠠᠯ᠎ᠠ ᠪᠠᠷ ᠨᠡᠩ ᠲᠣᠳᠣᠷᠬᠠᠶ᠂ ᠰᠢᠨᠵᠢᠯᠡᠬᠦ ᠤᠬᠠᠭᠠᠨᠴᠢ ᠪᠠᠷ ᠨᠢᠭᠡᠨ ᠰᠠᠶᠢᠨ ᠰᠠᠶᠢᠬᠠᠨ ᠠᠯᠤᠰ ᠢᠷᠡᠭᠡᠳᠦᠶ ᠲᠠᠢ᠂ ᠬᠦᠮᠦᠰ ᠤᠨ ᠰᠡᠳᠬᠢᠯ ᠢ ᠬᠦᠭᠵᠢᠭᠡᠭᠰᠡᠨ᠂ ᠪᠣᠳᠠᠲᠠᠢ ᠶᠢ ᠴᠢᠩᠭ᠎ᠠ ᠡᠷᠬᠢᠮᠯᠡᠭᠰᠡᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠵᠢᠴᠢ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ  ᠳᠤ ᠨᠡᠶᠢᠴᠡᠭᠰᠡᠨ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠠᠷᠠᠭᠤᠯᠤᠭᠰᠠᠨ᠂ ᠢᠷᠡᠭᠡᠳᠦᠶ ᠶᠢᠨ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ᠂ ᠴᠢᠨᠠᠷ ᠰᠠᠶᠢᠲᠠᠶ ᠬᠥᠭᠵᠢᠯᠲᠡ ᠶᠢᠨ ᠤᠯᠤᠰ ᠲᠦᠷᠦ ᠶᠢᠨ ᠲᠥᠯᠥᠪᠵᠢᠭᠦᠯᠭᠡ᠂ ᠬᠥᠭᠵᠢᠯᠲᠡ ᠶᠢ ᠬᠥᠲᠥᠯᠥᠨ ᠲᠠᠭᠠᠭᠤᠯᠤᠭᠰᠠᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠬᠡᠷᠡᠭᠳᠡᠢ᠃ ᠠᠰᠠᠭᠤᠳᠠᠯ ᠤᠨ ᠤᠳᠤᠷᠢᠳᠤᠮᠵᠢ ᠪᠠ ᠬᠠᠷᠠᠯᠲᠠ ᠶᠢᠨ ᠤᠳᠤᠷᠢᠳᠤᠮᠵᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠰᠢᠨ᠎ᠡ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠵᠡᠷᠭᠡ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠷᠠᠯᠲᠠ ᠡᠭᠦᠷᠭᠡ ᠪᠣᠯᠤᠨ ᠪᠣᠳᠠᠲᠠᠶ ᠠᠷᠭ᠎ᠠ ᠬᠡᠮᠵᠢᠶ᠎ᠡ ᠶᠢ ᠲᠤᠷᠠᠳᠴᠦ᠂ ᠰᠢᠨ᠎ᠡ ᠠᠶᠠᠨ ᠳᠠᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠠᠳᠬᠤᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠳᠡᠢ᠃ ᠢᠳᠡᠪᠬᠢᠲᠡᠢ ᠥᠨᠳᠥᠷ ᠪᠦᠲᠦᠮᠵᠢᠲᠡᠶ ᠬᠠᠷᠢᠭᠤᠴᠠᠬᠤ ᠣᠪᠣᠷ ᠢᠶᠠᠷ ᠠᠵᠤ ᠦᠢᠯᠡᠰ ᠪᠣᠯᠤᠨ ᠴᠢᠬᠤᠯᠠ ᠶᠡᠭᠡ ᠲᠥᠷᠥᠯ ᠵᠦᠢᠯ ᠢ ᠬᠢᠨᠠᠮᠠᠭᠠᠶ ᠡᠮᠬᠢᠯᠡᠵᠦ᠂ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠪᠣᠯᠤᠨ ᠠᠵᠤ ᠠᠬᠤᠶ ᠶᠢᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢ ᠬᠠᠩᠭᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠨ ᠠᠭᠤᠰᠣᠯᠴᠠᠬᠤ ᠬᠡᠷᠡᠭᠳᠡᠢ ᠬᠡᠵᠡᠢ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号