ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ  ᠱᠢ ᠸᠠᠨ ᠵᠢᠶᠦ᠋ᠨ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2020/11/23
     11 ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠣ᠋ ᠶᠠ ᠯᠠᠶ ᠦᠨᠡᠯᠡᠬᠦ ᠶᠠᠷᠢᠶ᠎ᠠ ᠲᠠᠯᠪᠢᠵᠤ᠂ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠨ ᠵᠢᠯᠣᠭᠤᠳᠤᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠣ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠰᠤᠯᠠ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ ᠂ ᠬᠤᠷᠠᠯ ᠠᠴᠠ ᠡᠮᠦᠨ᠎ᠡ ᠲᠤᠰᠬᠠᠶ ᠲᠥᠰᠦᠯ ᠲᠣᠭᠲᠠᠭᠠᠵᠤ᠂ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠶ ᠪᠠᠶᠢᠴᠠᠭᠠᠨ ᠦᠵᠡᠵᠦ᠂ ᠥᠷᠭᠡᠨ ᠢᠶᠠᠷ ᠰᠠᠨᠠᠯ ᠬᠤᠷᠢᠶᠠᠵᠤ᠂ ᠰᠡᠳᠭᠢᠯ ᠤᠨ ᠶᠠᠷᠢᠯᠴᠠᠭ᠎ᠠ ᠶᠢ ᠭᠦᠨᠵᠡᠭᠡᠶ ᠥᠷᠨᠢᠭᠦᠯᠦᠭᠰᠡᠨ ᠰᠠᠭᠤᠷᠢᠨ ᠳᠡᠭᠡᠷ᠎ᠡ ᠤᠳᠤᠷᠢᠳᠬᠤ ᠪᠠᠭ ᠪᠣᠯᠤᠨ ᠬᠤᠪᠢ ᠬᠦᠮᠦᠨ ᠤ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢᠶᠠᠨ ᠬᠢᠨᠠᠮᠠᠭᠠᠶ ᠲᠤᠭᠤᠷᠪᠢᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠶ ᠰᠠᠶᠢᠲᠤᠷ ᠬᠤᠷᠠᠯᠳᠤᠭᠤᠯᠬᠤ ᠳᠤ ᠬᠦᠢᠴᠡᠳ ᠪᠡᠯᠡᠳᠬᠡᠯ ᠬᠢᠵᠡᠶ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠤᠷᠠᠯ ᠠᠴᠠ ᠡᠮᠦᠨᠡᠬᠢ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃      ᠬᠤᠷᠠᠯ ᠳᠡᠭᠡᠷ᠎ᠡ᠂ ᠱᠢ ᠸᠠᠨ ᠵᠢᠶᠦ᠋ᠨ ᠡᠩ ᠲᠡᠷᠢᠭᠦᠨ ᠳᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠪᠠᠶᠢᠴᠠᠭᠠᠨ ᠰᠢᠨᠵᠢᠭᠰᠡᠨ ᠵᠠᠳᠠᠯᠤᠯᠲᠠ ᠬᠢᠪᠡ᠃ ᠳᠠᠷᠠᠭ᠎ᠠ ᠨᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠪᠣᠯᠤᠨ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠤᠪᠢ ᠬᠥᠮᠦᠨ ᠤ ᠪᠠᠶᠢᠴᠠᠭᠠᠨ ᠰᠢᠨᠵᠢᠭᠰᠡᠨ ᠵᠠᠳᠠᠯᠤᠯᠲᠠ ᠬᠢᠵᠡᠶ᠃ ᠣᠯᠠᠨ ᠢᠶᠠᠷ ᠢᠶᠠᠨ ᠶᠠᠷᠢᠶ᠎ᠠ ᠲᠠᠯᠪᠢᠬᠤ ᠳᠠᠭᠠᠨ ᠰᠢᠭᠤᠳ ᠭᠤᠣᠯ ᠰᠡᠳᠦᠪ ᠲᠤ ᠣᠷᠣᠵᠤ᠂ ᠥᠪᠡᠷ ᠢ ᠪᠠᠨ ᠪᠠᠶᠢᠴᠠᠭᠠᠨ ᠲᠡᠯᠭᠡᠬᠦ᠂ ᠡᠭᠦᠷᠭᠡ ᠬᠠᠷᠢᠭᠤᠴᠠᠯᠭ᠎ᠠ ᠪᠠᠨ ᠪᠠᠶᠢᠴᠠᠭᠠᠨ ᠲᠡᠯᠭᠡᠬᠦ᠂ ᠠᠵᠢᠯ ᠢᠶᠠᠨ ᠪᠠᠶᠢᠴᠠᠭᠠᠨ ᠲᠡᠯᠭᠡᠬᠦ ᠶᠢ ᠪᠠᠷᠢᠮᠳᠠᠯᠠᠵᠤ᠂ ᠥᠪᠡᠷ ᠢ ᠪᠠᠨ ᠰᠢᠬᠦᠮᠵᠢᠯᠡᠭᠰᠡᠨ ᠨᠢ ᠠᠰᠠᠭᠤᠳᠠᠯ ᠳᠤ ᠰᠢᠭᠤᠳ ᠬᠠᠨᠳᠤᠵᠤ᠂ ᠪᠠᠶᠢᠴᠠᠭᠠᠨ ᠲᠡᠯᠭᠡᠭᠰᠡᠨ ᠨᠢ ᠨᠠᠷᠢᠨ ᠨᠢᠮᠪᠠᠶ᠂ ᠬᠠᠷᠢᠯᠴᠠᠨ ᠰᠢᠬᠦᠮᠵᠢᠯᠡᠭᠰᠡᠨ ᠨᠢ ᠦᠨᠡᠨᠴᠢ ᠢᠯᠡ ᠲᠤᠲᠤ᠂ ᠠᠰᠠᠪᠤᠷ ᠰᠢᠯᠤᠭᠤᠨ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠪᠡ᠃      ᠱᠢ ᠸᠠᠨ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠲᠡᠭᠡᠭᠰᠢᠯᠡᠬᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠤᠯᠤᠰ ᠲᠦᠷᠦ ᠪᠠ ᠶᠡᠭᠡ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠳᠡᠵᠦ᠂ ᠦᠨᠳᠦᠰᠦᠳᠡᠨ ᠤ ᠠᠰᠠᠭᠤᠳᠠᠯ ᠳᠤ ᠬᠠᠨᠳᠤᠵᠤ᠂ ᠦᠨᠳᠦᠰᠦᠲᠡᠨ ᠤ ᠠᠵᠢᠯ ᠢ ᠨᠡᠩ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠴᠢᠩᠭᠠᠳᠬᠠᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠲᠠᠷᠠᠭᠠᠴᠢ ᠶᠢᠨ ᠬᠠᠭᠠᠰ ᠠᠵᠢᠯ︾ ᠢ ᠲᠥᠪ ᠴᠢᠩᠭ᠎ᠠ ᠨᠠᠷᠢᠨ ᠬᠢᠨᠠᠮᠠᠭᠠᠶ ᠰᠠᠶᠢᠲᠤᠷ ᠬᠢᠵᠦ᠂ ᠪᠠᠶᠢᠴᠠᠭᠠᠨ ᠲᠡᠯᠭᠡᠭᠰᠡᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠦᠨᠳᠦᠷᠴᠡ ᠠᠴᠠ ᠦᠨᠳᠦᠰᠦᠲᠡᠨ ᠤ ᠠᠵᠢᠯ ᠢ ᠲᠦᠯᠦᠪᠯᠡᠨ ᠠᠬᠢᠭᠤᠯᠵᠤ᠂ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠡᠢ᠃      ᠰᠣ᠋ ᠶᠠ ᠯᠠᠶ ᠰᠢᠭᠦᠮᠵᠢ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠬᠦᠢᠴᠡᠳ᠂ ᠠᠰᠠᠭᠤᠳᠠᠯ ᠢ ᠪᠦᠬᠦ ᠲᠠᠯ᠎ᠠ ᠪᠠᠷ ᠪᠣᠳᠠᠲᠠᠶ ᠪᠠᠶᠢᠴᠠᠭᠠᠨ ᠳᠡᠯᠭᠡᠵᠦ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠨᠢ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠲᠣᠳᠣᠷᠬᠠᠶ ᠪᠥᠭᠡᠳ ᠪᠣᠳᠠᠲᠠᠶ ᠶᠢ ᠡᠷᠬᠢᠮᠯᠡᠵᠦ᠂ ᠬᠤᠷᠠᠯ ᠤᠨ ᠵᠢᠱᠢᠭᠰᠡᠨ ᠦᠷ᠎ᠡ ᠪᠦᠲᠦᠮᠵᠢ ᠳᠤ ᠬᠦᠷᠴᠡᠶ᠃ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠤᠳᠤᠷᠢᠳᠬᠤ ᠪᠠᠭ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠶᠢ ᠬᠦᠰᠡᠵᠦ ᠪᠠᠶᠢᠨ᠎ᠠ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号