ᠤᠳᠠ ᠲᠣᠭᠤᠷᠢᠭ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020/11/24
     ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠭᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠡᠳᠦᠷ ᠲᠤᠲᠤᠮ ᠤᠨ ᠠᠵᠢᠯ ᠢ ᠠᠬᠢᠭᠤᠯᠬᠤ ᠶᠢᠨ ᠲᠥᠯᠥᠭᠡ᠂ ᠤᠳᠠ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠭᠢᠯᠡᠬᠦ ᠭᠠᠵᠠᠷ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠱᠠᠯᠠᠪᠳᠠᠭᠤᠯᠤᠨ ᠭᠦᠢᠴᠡᠳᠬᠡᠪᠡ᠃ ᠣᠳᠣᠬᠠᠨ ᠪᠣᠯᠲᠠᠯ᠎ᠠ᠂ ᠨᠡᠶᠢᠲᠡ 11 ᠵᠦᠢᠯ ᠤᠨ ᠤᠴᠢᠷ ᠶᠠᠪᠤᠳᠠᠯ ᠢ ᠱᠠᠯᠠᠪᠳᠠᠭᠤᠯᠤᠨ ᠰᠢᠢᠳᠪᠦᠷᠢᠯᠡᠬᠦᠯᠵᠦ᠂ ᠨᠢᠭᠡᠨᠲᠡ 10 ᠵᠦᠢᠯ ᠤᠨ ᠤᠴᠢᠷ ᠶᠠᠪᠤᠳᠠᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 91 % ᠬᠦᠷᠴᠦ᠂ ᠪᠡᠶᠡᠯᠡᠭᠦᠯᠦᠭᠡᠳᠦᠶ ᠤᠴᠢᠷ ᠶᠠᠪᠤᠳᠠᠯ ᠢ ᠦᠷᠭᠦᠯᠵᠢᠯᠡᠨ ᠱᠠᠯᠠᠪᠳᠠᠭᠤᠯᠤᠨ ᠬᠦᠢᠴᠡᠳᠭᠡᠯᠬᠡᠵᠦ ᠪᠤᠢ᠃ ᠡᠭᠦᠨ ᠤ ᠬᠠᠮᠲᠤ᠂ ᠣᠳᠠ ᠲᠤᠭᠤᠷᠢᠭ ᠣᠶᠢᠷ᠎ᠠ ᠳᠤ 2019 ᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠠᠵᠢᠯ ᠤᠨ ᠠᠮᠵᠢᠯᠳᠠ ᠪᠦᠲᠦᠮᠵᠢ ᠶᠢ ᠭᠤᠤᠯᠳᠠᠯᠭ᠎ᠠ ᠲᠠᠢ ᠦᠨᠡᠯᠡᠬᠦ ᠠᠵᠢᠯ ᠢ ᠥᠷᠨᠢᠭᠦᠯᠵᠦ᠂ ᠣᠳᠣᠬᠠᠨ ᠳᠤ ᠶᠠᠳᠠᠭᠤ ᠶᠢ ᠲᠡᠳᠬᠦᠬᠦ ᠪᠠᠯᠠ ᠮᠥᠩᠭᠦ ᠶᠢ ᠪᠠᠶᠢᠴᠠᠭᠠᠬᠤ ᠪᠥᠬᠦ ᠠᠵᠢᠯ ᠢ ᠨᠢᠭᠡᠨᠲᠡ ᠪᠡᠶᠡᠯᠡᠭᠦᠯᠵᠦ᠂ ᠤᠳᠠ ᠲᠣᠭᠤᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠡᠯ᠎ᠡ ᠲᠠᠯ᠎ᠠ ᠶᠢᠨ ᠠᠵᠢᠯ ᠴᠥᠮ ᠪᠠᠶᠢᠩᠭᠤᠵᠢᠭᠰᠠᠨ ᠪᠠᠶᠢᠳᠠᠯ ᠳᠤ ᠣᠷᠣᠭᠤᠯᠪᠠ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号