ᠬᠤᠲᠠ ᠶᠢᠨ ᠤᠳᠤᠷᠢᠳᠤᠯᠭ᠎ᠠ ᠪᠦᠬᠦ ᠬᠤᠲᠠ ᠶᠢᠨ ᠨᠢᠭᠡᠳᠦᠮᠡᠯ ᠹᠷᠣᠨᠲ ᠤᠨ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠰᠢᠢᠳᠪᠦᠷᠢᠲᠤ ᠢᠯᠠᠯᠳᠠ ᠶᠢ ᠲᠡᠮᠡᠴᠡᠨ ᠣᠯᠵᠣ · ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠠᠮᠵᠢᠯᠳᠠ ᠶᠢ ᠣᠯᠬᠤ︾ ᠬᠤᠪᠢ ᠨᠡᠮᠡᠷᠢ ᠶᠢᠨ ᠦᠵᠡᠭᠦᠯᠭᠡ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2020/11/24

     

     11 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ

ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂

ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ

ᠬᠦᠸᠧ ᠡᠣ ᠣᠳᠣ ᠦᠶ᠎ᠡ ᠶᠢᠨ ᠲᠤᠮᠳᠠᠲᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠬᠦᠷᠴᠦ᠂ ︽

ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ · ᠠᠭᠤᠤ ᠶᠡᠭᠡ ᠳᠤᠮᠳᠠᠳᠤ

 ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠬᠡᠬᠦ ᠪᠦᠬᠦ ᠬᠤᠳᠠ ᠶᠢᠨ ᠨᠢᠭᠡᠳᠦᠮᠡᠯ ᠹᠷᠣᠨᠲ ᠤᠨ ︽

ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠰᠢᠢᠳᠪᠦᠷᠢᠲᠤ ᠢᠯᠠᠯᠳᠠ ᠶᠢ ᠲᠡᠮᠡᠴᠡᠨ ᠣᠯᠵᠣ ·

ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠠᠮᠵᠢᠯᠳᠠ ᠶᠢ ᠣᠯᠬᠤ︾ ᠬᠤᠪᠢ ᠨᠡᠮᠡᠷᠢ ᠶᠢᠨ

ᠦᠵᠡᠭᠦᠯᠭᠡ ᠶᠢ ᠲᠣᠭᠤᠷᠢᠨ ᠦᠵᠡᠪᠡ᠃ ᠬᠤᠲᠠ ᠶᠢᠨ ᠤᠳᠤᠷᠢᠳᠤᠯᠭ᠎ᠠ ᠴᠢ ᠹᠸᠢ ᠶᠦᠨ᠂ ᠰᠣ᠋ ᠵᠥᠩ ᠱᠧᠩ᠂

ᠹᠧᠩ ᠰᠢᠤᠸᠠᠢ ᠲᠤᠤ᠂ ᠸᠠᠩ ᠵᠣᠣ ᠱᠧᠩ᠂ ᠳ᠋ᠧᠩ ᠺᠠᠶ᠂ ᠵᠢᠶᠠ ᠴᠢᠩ ᠳ᠋ᠦᠩ᠂ ᠸᠠᠩ ᠶᠢᠨ᠂ ᠯᠢᠦ ᠰᠣ᠋ ᠬᠤᠩ

ᠬᠠᠮᠲᠤ ᠪᠠᠷ ᠦᠵᠡᠬᠦᠯᠭᠡ ᠲᠣᠭᠤᠷᠢᠨ ᠦᠵᠡᠪᠡ᠃

     ᠬᠤᠪᠢ ᠨᠡᠮᠡᠷᠢ ᠶᠢᠨ ᠦᠵᠡᠭᠦᠯᠦᠯᠭᠡ ᠳᠤ ᠣᠷᠣᠰᠢᠯ᠂ ᠠᠷᠠᠳᠴᠢᠯᠠᠭᠰᠠᠨ ᠨᠠᠮ ᠪᠦᠯᠦᠭ ᠤᠨ ᠨᠠᠶᠢᠷᠠᠮᠵᠢ᠂

ᠦᠨᠳᠦᠰᠦᠲᠡᠨ ᠱᠠᠰᠢᠨ ᠰᠤᠷᠲᠠᠬᠤᠨ ᠤ ᠨᠠᠶᠢᠷᠠᠮᠵᠢ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠠᠶᠢᠷᠠᠮᠵᠢ᠂

ᠨᠢᠭᠡᠳᠦᠮᠡᠯ ᠹᠷᠣᠨᠲ ᠤᠨ ᠪᠦᠯᠬᠦᠮ ᠤᠨ ᠨᠠᠶᠢᠷᠠᠮᠵᠢ ᠪᠠ ᠭᠤᠷᠪᠠᠨ ᠲᠤᠭᠤᠷᠢᠭ ᠤᠨ ᠨᠢᠭᠡᠳᠦᠮᠡᠯ ᠹᠷᠣᠨᠲ ᠤᠨ ᠨᠠᠶᠢᠷᠠᠮᠵᠢ

ᠵᠡᠷᠭᠡ 6 ᠪᠦᠯᠦᠭ ᠬᠤᠪᠢᠶᠠᠵᠠᠢ᠃ ᠭᠡᠷᠡᠯ ᠵᠢᠷᠤᠭ᠂ ᠦᠰᠦᠭ ᠪᠢᠴᠢᠭ ᠢᠶᠠᠷ ᠭᠤᠣᠯ ᠢᠯᠡᠷᠡᠭᠦᠯᠬᠦ ᠬᠡᠯᠪᠡᠷᠢ ᠪᠣᠯᠭᠠᠵᠤ᠂

ᠬᠠᠷᠠᠭᠠᠨ ᠳᠠᠪᠲᠠᠮᠵᠢ᠂ ᠴᠠᠭᠠᠰᠤᠨ ᠬᠠᠶᠢᠴᠢᠯᠠᠮᠠᠯ᠂ ᠵᠢᠷᠤᠭ᠂ ᠭᠠᠷ ᠤᠷᠠᠯᠠᠯ ᠵᠡᠷᠭᠡ ᠳᠡᠯᠭᠡᠨ ᠦᠵᠡᠭᠦᠯᠬᠦ ᠠᠷᠭ᠎ᠠ

ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠨᠠᠮ ᠤᠨ ᠠᠷᠪᠠᠨ

ᠨᠠᠢᠮᠠᠳᠣᠭᠠᠷ ᠶᠡᠭᠡ ᠬᠤᠷᠠᠯ ᠢ ᠪᠦᠬᠦ ᠲᠠᠯ᠎ᠠ ᠪᠠᠷ᠂ ᠣᠯᠠᠨ ᠬᠠᠷᠠᠭᠠᠰᠤ ᠠᠴᠠ ᠲᠡᠮᠳᠡᠭᠯᠡᠵᠦ᠂ ᠪᠦᠬᠦ ᠬᠤᠲᠠ ᠶᠢᠨ

ᠨᠢᠭᠡᠳᠦᠮᠡᠯ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠴᠢᠨᠡᠭᠡᠯᠢᠭ

ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠰᠡᠳᠬᠢᠯ ᠨᠢᠭᠡᠳᠦᠨ ᠬᠦᠴᠦᠨ ᠢᠶᠠᠨ

ᠬᠠᠮᠲᠤᠳᠬᠠᠬᠤ᠂ ᠪᠦᠯᠬᠦᠮᠳᠡᠨ ᠲᠡᠮᠡᠴᠡᠬᠦ ᠶᠡᠷᠦ ᠪᠤᠰᠤ ᠶᠢᠨ ᠲᠡᠦᠬᠡᠨ ᠶᠠᠪᠤᠴᠠ ᠳᠤ ᠢᠳᠡᠪᠬᠢᠲᠡᠢ ᠬᠤᠪᠢ ᠨᠡᠮᠡᠷᠢ

ᠦᠵᠡᠭᠦᠯᠵᠡᠢ᠃

     ᠦᠵᠡᠭᠦᠯᠦᠯᠭᠡ ᠶᠢᠨ ᠲᠢᠩᠬᠢᠮ ᠳᠤ ᠲᠡᠯᠭᠡᠭᠳᠡᠭᠰᠡᠨ ᠵᠢᠷᠤᠭ᠂ ᠡᠯᠳᠡᠪ ᠵᠦᠢᠯ ᠭᠠᠷ ᠤᠷᠠᠯᠠᠯ ᠤᠨ

ᠪᠦᠲᠦᠭᠡᠭᠳᠡᠬᠦᠨ ᠨᠢ ᠱᠢ ᠸᠠᠨ ᠵᠢᠶᠦ᠋ᠨ᠂ ᠲᠠᠩ ᠢ᠂ ᠬᠠᠨ ᠬᠦᠸᠧ ᠦ᠋ ᠵᠡᠷᠭᠡ ᠬᠤᠲᠠ ᠶᠢᠨ ᠣᠳᠣᠷᠢᠳᠣᠯᠭ᠎ᠠ ᠶᠢᠨ

ᠠᠩᠬᠠᠷᠤᠯ ᠢ ᠲᠠᠲᠠᠵᠠᠶ᠃ ᠣᠯᠠᠨ ᠢᠶᠠᠷ ᠢᠶᠠᠨ ᠠᠯᠭᠤᠷᠬᠠᠨ ᠠᠯᠬᠤᠵᠤ᠂ ᠪᠠᠶᠢᠨ ᠪᠠᠶᠢᠨ ᠵᠣᠭᠰᠣᠵᠤ ᠨᠠᠷᠢᠨ ᠠᠵᠢᠭᠯᠠᠵᠤ

᠂ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂ ᠪᠠᠶᠢᠳᠠᠯ ᠢ ᠠᠰᠠᠭᠤᠨ ᠣᠶᠢᠯᠠᠭᠠᠵᠤ᠂ ᠬᠠᠷᠢᠯᠴᠠᠨ ᠰᠣᠯᠢᠯᠴᠠᠨ

ᠶᠠᠷᠢᠯᠴᠠᠵᠤ᠂ ᠲᠣᠰ ᠤᠳᠠᠭᠠᠨ ᠤ ᠦᠵᠡᠭᠦᠯᠭᠡ ᠶᠢ ᠬᠦᠢᠴᠡᠳ ᠨᠤᠳᠠᠯᠠᠪᠠ᠃

     ᠤᠶᠢᠷ᠎ᠠ ᠶᠢᠨ ᠵᠢᠯ ᠤᠨ ᠲᠤᠷᠰᠢ᠂ ᠪᠦᠬᠦ ᠬᠤᠲᠠ ᠶᠢᠨ ᠨᠢᠭᠡᠳᠦᠮᠡᠯ ᠹᠷᠣᠨᠲ ᠠᠷᠠᠳᠴᠢᠯᠠᠯ ᠢᠶᠠᠷ ᠵᠥᠪᠯᠡᠬᠦ

ᠤᠯᠤᠰ ᠲᠥᠷᠥ ᠶᠢᠨ ᠳᠠᠪᠠᠭᠤᠯᠢᠭ᠂ ᠵᠤᠬᠢᠴᠠᠭᠤᠯᠬᠤ ᠬᠠᠷᠢᠴᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂

ᠴᠢᠳᠠᠪᠤᠷᠢᠲᠠᠨ ᠴᠤᠭᠯᠠᠷᠠᠭᠰᠠᠨ ᠣᠶᠤᠨ ᠤ ᠳᠠᠪᠠᠭᠤᠯᠢᠭ᠂ ᠬᠠᠷᠢᠴᠠᠭ᠎ᠠ ᠥᠷᠭᠡᠨ ᠡᠬᠢ ᠪᠠᠶᠠᠯᠢᠭ ᠤᠨ ᠳᠠᠪᠠᠭᠤᠯᠢᠭ

 ᠢᠶᠠᠨ ᠬᠦᠢᠴᠡᠳ ᠪᠠᠳᠠᠷᠠᠭᠤᠯᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠨᠠᠷᠢᠯᠢᠭ

ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ

ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠣᠶᠤᠨᠴᠢ ᠪᠠᠷ ᠶᠠᠳᠠᠭᠤ ᠶᠢ ᠲᠡᠳᠬᠦᠬᠦ ᠪᠠ ᠴᠢᠭ

ᠲᠣᠭᠲᠠᠭᠠᠨ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠮᠦᠰ ᠤᠨ

ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠪᠦᠬᠦ ᠬᠦᠴᠦᠨ ᠢᠶᠠᠷ ᠢᠶᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂

ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠶᠠᠰᠤ

ᠴᠢᠨᠠᠷ ᠢ ᠳᠡᠭᠡᠭᠰᠢᠯᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠢᠳᠡᠪᠬᠢ ᠬᠤᠪᠢ ᠨᠡᠮᠡᠷᠢ

ᠦᠵᠡᠭᠦᠯᠪᠡ᠃

     ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠲᠤᠰᠠᠯᠠᠨ ᠪᠠᠶᠢᠭᠤᠯᠬᠤ᠂ ᠶᠠᠳᠠᠭᠤ ᠬᠦᠴᠢᠷᠳᠡᠯᠲᠡᠶ

ᠰᠤᠷᠤᠭᠴᠢᠳ ᠢ ᠲᠤᠰᠠᠯᠠᠬᠤ ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠣᠬᠢᠴᠠᠭᠤᠯᠤᠨ ᠶᠠᠳᠠᠭᠤ ᠶᠢ

ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ ᠣᠷᠣᠯᠴᠠᠭᠤᠯᠬᠤ ᠬᠦᠷᠲᠡᠯ᠎ᠡ᠂ ᠦᠵᠡᠭᠦᠯᠦᠯᠭᠡ ᠶᠢᠨ ᠲᠢᠩᠬᠢᠮ ᠤᠨ

675 ᠬᠠᠭᠤᠳᠠᠰᠤ ᠵᠢᠷᠤᠭ᠂ 200 ᠭᠠᠷᠤᠶ ᠪᠣᠳᠠᠲᠤ ᠶᠠᠭᠤᠮ᠎ᠠ ᠨᠢ ᠪᠦᠬᠦ ᠬᠤᠲᠠ ᠶᠢᠨ ᠨᠢᠭᠡᠳᠦᠮᠡᠯ ᠹᠷᠣᠨᠲ ᠤᠨ

ᠰᠢᠰᠲ᠋ᠧᠮ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ

ᠰᠢᠪᠲᠤᠯᠬᠤ ᠰᠢᠢᠳᠪᠦᠷᠢᠲᠤ ᠢᠯᠠᠯᠲᠠ ᠶᠢ ᠣᠯᠬᠤ ᠵᠣᠷᠢᠭ ᠰᠠᠨᠠᠭ᠎ᠠ ᠶᠢ ᠲᠤᠰᠬᠠᠵᠤ᠂ ᠢᠷᠠᠭᠤ ᠰᠠᠶᠢᠬᠠᠨ ᠪᠠ

ᠮᠠᠷᠲᠠᠭᠳᠠᠰᠢ ᠦᠭᠡᠢ ᠠᠮᠢᠳᠤᠯᠢᠭ ᠰᠠᠶᠢᠬᠠᠨ ᠭᠱᠠᠨ ᠵᠠᠭᠤᠷ᠎ᠠ ᠶᠢ ᠵᠢᠷᠣᠭᠯᠠᠵᠠᠢ᠃ 11 ᠰᠠᠷ᠎ᠠ ᠶᠢᠨ 3 ᠤ ᠡᠳᠦᠷ

ᠲᠡᠯᠭᠡᠨ ᠦᠵᠡᠬᠦᠯᠦᠭᠰᠡᠨ ᠠᠴᠠ ᠨᠠᠰᠢ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠠᠩᠬᠠᠷᠤᠯ ᠢ ᠲᠠᠳᠠᠵᠤ᠂

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠵᠦ

᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠳᠤ ᠨᠡᠩ

ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号