ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠯᠢᠦ ᠶᠦᠨ ᠪᠢᠩ ᠢ ᠰᠣᠷᠪᠣᠯᠵᠢᠯᠠᠭᠰᠠᠨ ᠨᠢ ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/11/25
     ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠢ ᠣᠯᠠᠨ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠪᠣᠯᠤᠨ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠠᠳᠠᠯᠢ ᠪᠤᠰᠤ ᠴᠠᠭ᠂ ᠠᠳᠠᠯᠢ ᠪᠤᠰᠤ ᠳᠠᠪᠬᠤᠷᠭ᠎ᠠ ᠳᠤ ᠨᠡᠶᠢᠲᠡ 38 ᠤᠳᠠᠭ᠎ᠠ ᠤᠯᠠᠮᠵᠢᠯᠠᠨ ᠰᠣᠷᠣᠯᠴᠠᠬᠤ ᠶᠢᠨ ᠬᠠᠮᠲᠤ ᠪᠣᠳᠠᠲᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠠ ᠭᠦᠨᠵᠡᠭᠡᠶ ᠲᠦᠯᠬᠢᠨ ᠠᠬᠢᠭᠤᠯᠪᠠ᠃ ᠣᠲᠣ ᠪᠦᠬᠦ ᠬᠤᠲᠠ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠭᠤᠣᠯ ᠠᠷᠭ᠎ᠠ ᠪᠠᠷᠢᠯ᠂ ᠦᠷ᠎ᠡ ᠪᠦᠲᠦᠮᠵᠢ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠳ᠋ᠦᠩᠨᠡᠶ᠎ᠡ᠄      ᠨᠢᠭᠡ᠂ ᠭᠤᠤᠯ ᠬᠢᠭᠰᠡᠨ ᠠᠷᠭ᠎ᠠ ᠵᠢᠴᠢ ᠦᠷ᠎ᠡ ᠪᠦᠲᠦᠮᠵᠢ      ᠨᠢᠭᠡ ᠳᠤ᠂ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠪᠠ᠃ ᠬᠤᠲᠠ ᠶᠢᠨ ᠨᠠᠮ ᠤᠨ ᠬᠤᠷᠢᠶ᠎ᠠ ᠦᠬᠠᠶ ᠬᠤᠲᠠ ᠶᠢᠨ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠨᠢᠭᠡᠳᠦᠯᠲᠡᠶ ᠲᠦᠯᠦᠪᠯᠡᠨ ᠪᠠᠶᠢᠭᠤᠯᠤᠭᠰᠠᠨ ᠤ ᠳᠠᠷᠠᠭ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠲᠣᠪᠴᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠤᠬᠢᠴᠠᠭᠤᠯᠬᠤ ᠠᠵᠢᠯ ᠤᠨ ᠣᠳᠣᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠳᠣᠤᠷ᠎ᠠ  ᠪᠠᠨ ᠶᠡᠷᠦᠩᠬᠡᠶᠢᠯᠡᠭᠰᠡᠨ ᠳᠤᠭᠤᠶᠢᠯᠠᠩ᠂ ᠣᠬᠠᠭᠤᠯᠬᠤ ᠳᠤᠭᠤᠶᠢᠯᠠᠩ᠂ ᠵᠢᠭᠠᠨ ᠰᠣᠷᠭᠠᠯᠳᠠ ᠶᠢᠨ ᠵᠢᠯᠣᠭᠤᠳᠬᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤᠭᠤᠶᠢᠯᠠᠩ ᠪᠣᠯᠤᠨ ᠬᠢᠨᠠᠨ ᠵᠢᠯᠣᠭᠤᠳᠬᠤ ᠳᠤᠭᠤᠶᠢᠯᠠᠩ ᠵᠡᠷᠭᠡ 5 ᠠᠵᠢᠯᠯᠠᠬᠤ ᠳᠤᠭᠤᠶᠢᠯᠠᠩ ᠪᠠᠶᠢᠭᠤᠯᠵᠤ᠂ ᠱᠠᠭᠠᠷᠳᠠᠯᠭ᠎ᠠ ᠶᠣᠰᠣᠭᠠᠷ ᠠᠵᠢᠯ ᠤᠨ ᠬᠡᠷᠡᠭᠵᠢᠭᠦᠯᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠴᠠᠭ ᠲᠤᠬᠠᠶ ᠳᠤᠨᠢ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠲᠡᠷᠡᠴᠢᠯᠡᠨ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢ ᠱᠠᠭᠠᠷᠳᠠᠨ ᠵᠢᠯᠣᠭᠤᠳᠴᠤ ᠪᠠᠶᠢᠭᠠᠳ ᠲᠤᠰᠬᠠᠢ ᠠᠬᠢᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠦᠳᠲᠡᠷ ᠲᠦᠷᠭᠡᠨ ᠠᠵᠢᠯ ᠢᠶᠠᠨ ᠥᠷᠨᠢᠭᠦᠯᠵᠡᠢ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠤᠷᠢᠳ ᠬᠤᠵᠢᠳ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 4 ᠤᠳᠠᠭ᠎ᠠ᠂ ᠲᠤᠰᠬᠠᠢ ᠰᠡᠳᠦᠪᠲᠦ ᠬᠤᠷᠠᠯ ᠢ 8 ᠤᠳᠠᠭ᠎ᠠ᠂ ᠠᠬᠢᠭᠤᠯᠤᠯᠳᠠ ᠶᠢᠨ ᠬᠤᠷᠠᠯ ᠢ 5 ᠤᠳᠠᠭ᠎ᠠ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠸᠢᠳᠢᠣ᠋ ᠬᠤᠷᠠᠯ ᠤᠨ ᠵᠣᠷᠢᠭ ᠰᠠᠨᠠᠭ᠎ᠠ ᠵᠢᠴᠢ ᠯᠢᠨ ᠱᠣᠣ ᠴᠦᠨ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠯᠤᠭ᠎ᠠ ᠨᠢᠭᠲᠠ ᠤᠶᠠᠯᠳᠤᠭᠤᠯᠤᠨ᠂ ︽ᠭᠤᠷᠪᠠ ᠶᠢ ᠶᠠᠭᠠᠬᠢᠭᠰᠠᠨ ᠴᠤ ᠪᠣᠯᠬᠤ ᠥᠬᠡᠶ︾ ︽ᠲᠦᠷᠪᠡᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ︾ ︽ᠲᠠᠪᠤ ᠶᠢ ᠲᠣᠳᠣᠷᠬᠠᠶ ᠶᠠᠷᠢᠬᠤ︾ ᠪᠠᠷ ᠭᠤᠤᠯ ᠰᠢᠵᠢᠮ ᠪᠤᠯᠭᠠᠵᠤ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠠᠵᠢᠯ ᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠵᠤ ᠂ ᠪᠠᠭᠰᠢ ᠰᠤᠷᠤᠭᠴᠢᠳ ᠤᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠵᠦ᠂ ᠲᠥᠷᠥ ᠶᠢᠨ ᠪᠤᠲᠤᠯᠭ᠎ᠠ ᠶᠢᠨ ᠲᠠᠶᠢᠯᠤᠮᠵᠢ ᠶᠢ ᠪᠦᠬᠦᠨ ᠢ ᠬᠠᠮᠤᠷᠬᠤ᠂ ᠪᠠᠶᠢᠳᠠᠯ ᠢ ᠣᠶᠢᠯᠭᠠᠨ ᠵᠢᠭᠰᠠᠭᠠᠬᠤ ᠶᠢ ᠪᠦᠬᠦᠨ ᠢ ᠬᠠᠮᠤᠷᠬᠤ ᠂ ᠵᠢᠵᠢᠭᠦᠷᠯᠡᠨ ᠰᠠᠬᠢᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ 9 ᠰᠠᠷ᠎ᠠ ᠶᠢᠨ 12 ᠤᠨ ᠡᠳᠦᠷ ᠰᠤᠷᠭᠠᠭᠤᠯᠢ ᠳᠠᠭᠠᠨ ᠪᠤᠴᠠᠭᠰᠠᠨ ᠦᠭᠡᠢ ᠰᠤᠷᠤᠯᠭ᠎ᠠ ᠪᠠᠨ ᠰᠡᠷᠭᠦᠭᠡᠭᠰᠡᠨ ᠰᠣᠷᠣᠭᠴᠢᠳ ᠤᠨ ᠲᠤᠭ᠎ᠠ ᠶᠢ ︽ᠳᠠᠩ ᠪᠣᠯᠭᠠᠬᠤ︾ ᠡᠭᠦᠷᠭᠡ ᠶᠢ ᠪᠡᠶᠡᠯᠡᠭᠦᠯᠵᠦ᠂ ᠲᠡᠷᠡᠴᠢᠯᠡᠨ ᠪᠠᠬᠢᠵᠢᠭᠦᠯᠦᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠪᠠ᠃      ᠬᠤᠶᠠᠷ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠤᠬᠠᠭᠤᠯᠭ᠎ᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠴᠢᠭᠯᠡᠯ ᠢ ᠵᠥᠪ ᠢᠶᠠᠷ ᠬᠥᠲᠥᠯᠦᠨ ᠵᠢᠯᠤᠭᠤᠲᠤᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ︿ᠬᠡᠯᠡ ᠪᠢᠴᠢᠭ﹀ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ︽ᠪᠥᠬᠦ ᠣᠷᠣᠨ ᠤ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠥᠰᠦᠯ︾ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠪᠯᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠥᠯᠭᠢᠨ ᠠᠬᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠵᠢᠯᠣᠭᠤᠳᠬᠤ ᠰᠠᠰᠨᠠᠯ︾ ︽ᠭᠤᠷᠪᠠᠨ ᠪᠢᠴᠢᠭ ᠮᠠᠲ᠋ᠧᠷᠢᠶᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠤᠬᠠᠢ ︽ᠠᠰᠠᠭᠤᠯᠲᠠ ᠬᠠᠷᠢᠭᠤᠯᠳᠠ︾ ︵ᠨᠡᠶᠢᠲᠡ ᠭᠤᠷᠪᠠᠨ ᠬᠤᠭᠤᠴᠠᠭ᠎ᠠ᠂ 57 ᠠᠰᠠᠭᠤᠯᠳᠠ ᠶᠢ ᠬᠠᠷᠢᠭᠤᠯᠪᠠ︶ ᠶᠢ ᠡᠮᠬᠢᠳᠬᠡᠨ ᠳᠡᠪᠲᠡᠷᠯᠡᠵᠦ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠬᠤᠯᠪᠣᠭᠳᠠᠭᠰᠠᠨ ᠤᠳᠤᠷᠢᠳᠬᠤ ᠪᠠᠭ ᠤᠨ ᠪᠦᠷᠢᠯᠳᠦᠬᠦᠨ ᠳᠤ ᠬᠦᠷᠭᠡᠵᠦ᠂ ᠰᠤ‌‍ᠷᠤᠭᠴᠢᠳ᠂ ᠬᠡᠷ ᠤᠨ ᠠᠬᠠᠮᠠᠳ ᠪᠠ ᠨᠡᠶᠢᠭᠡᠮ ᠤᠨ ᠣᠯᠠᠨ ᠲᠦᠮᠡᠨ ᠳᠤ ᠤᠯᠤᠰ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠠᠶᠢᠯᠪᠤᠷᠢᠯᠠᠪᠠ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ 120 ᠭᠠᠷᠤᠶ ᠮᠡᠳᠡᠭᠡ ᠵᠠᠩᠭᠢᠴᠢᠨ ᠢ ᠵᠣᠬᠢᠶᠠᠨ ᠪᠠᠶᠢᠭᠤᠯᠵᠤ᠂ ᠲᠡᠷᠡ ᠲᠠᠷᠣᠢ ᠳᠤᠨᠢ ᠤᠬᠠᠭᠤᠯᠤᠭᠴᠢ ᠪᠣᠯᠭᠠᠨ ᠬᠤᠪᠢᠷᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠰᠦᠯᠵᠢᠶᠡᠨ ᠥᠷᠲᠡᠭᠡ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠶᠢᠨ 120 ᠭᠠᠷᠤᠶ ᠮᠡᠳᠡᠭᠡ ᠵᠠᠩᠭᠢ ᠶᠢ ᠨᠠᠶᠢᠳᠡᠯᠡᠵᠦ᠂ ᠲᠠᠷᠣᠮ ᠤᠨ ᠬᠡᠮᠵᠢᠶ᠎ᠡ᠂ ᠰᠢᠯᠵᠢᠭᠦᠯᠦᠨ ᠠᠴᠢᠶᠠᠯᠠᠭᠰᠠᠨ ᠬᠡᠮᠵᠢᠶ᠎ᠡ 30 ᠲᠦᠮᠡᠨ ᠬᠥᠮᠦᠨ ᠤᠳᠠᠭ᠎ᠠ ᠶᠢ ᠳᠠᠪᠠᠵᠠᠶ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠰᠤᠷᠤᠭᠴᠢᠳ ᠲᠤ ︽ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠣᠷᠣᠯᠴᠠᠶ᠎ᠠ︾ ᠪᠠ ︽ᠦᠬᠠᠶ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠤᠩᠰᠢᠬᠤ ᠪᠢᠴᠢᠭ︾ ᠢ ᠨᠡᠶᠢᠲᠡ 2500 ᠭᠠᠷᠤᠶ ᠳᠡᠪᠲᠡᠷ ᠲᠠᠷᠬᠠᠭᠠᠵᠤ᠂ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠨᠢ ᠪᠥᠬᠦ ᠰᠤᠷᠤᠭᠴᠢᠳ ᠲᠤ ︽ᠦᠬᠠᠶ ᠬᠤᠲᠠ ᠶᠢᠨ ᠮᠣᠩᠭᠤᠯ ᠦᠨᠳᠦᠰᠦᠳᠡᠨ ᠤ ᠰᠤᠷᠭᠠᠭᠤᠯᠢ ᠶᠢᠨ ᠬᠡᠷ ᠪᠦᠯᠢ ᠶᠢᠨ ᠰᠤᠷᠭᠠᠭᠤᠯᠢ ᠶᠢᠨ ᠬᠠᠮᠲᠤ ᠪᠠᠷ ᠬᠥᠮᠦᠵᠢᠭᠦᠯᠬᠦ ᠬᠠᠷᠢᠯᠴᠠᠬᠤ ᠵᠠᠬᠢᠳᠠᠯ︾ ︽ᠬᠡᠷ ᠤᠨ ᠠᠬᠠᠮᠠᠳ ᠲᠤ ᠦᠭᠦᠭᠭᠰᠡᠨ ᠨᠢᠭᠡ ᠬᠤᠪᠢ ᠵᠠᠬᠢᠳᠠᠯ︾ ︽ᠰᠣᠷᠣᠭᠴᠢ ᠶᠢᠨ ᠠᠮᠢᠳᠤᠷᠠᠯ ᠤᠨ ᠣᠯᠠ ᠮᠥᠷ ᠵᠢᠴᠢ ᠪᠡᠶ᠎ᠡ ᠶᠢᠨ ᠳᠤᠯᠠᠭᠠᠨ ᠤ ᠲᠡᠮᠳᠡᠭᠯᠡᠯ ᠤᠨ ᠬᠦᠰᠦᠨᠦᠭᠲᠦ︾ ᠵᠡᠷᠭᠡ ᠶᠢ ᠲᠠᠷᠬᠠᠭᠠᠵᠤ᠂ ᠭᠡᠷ ᠤᠨ ᠠᠬᠠᠮᠠᠳ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠪᠠ᠃     ᠭᠤᠷᠪᠠ ᠳᠤ ᠵᠢᠭᠠᠨ ᠰᠤᠷᠭᠠᠯᠲᠠ ᠶᠢᠨ ᠰᠤᠳᠤᠯᠭᠠᠨ ᠤ ᠵᠢᠯᠣᠭᠤᠳᠣᠯᠭ᠎ᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃ ᠰᠢᠨᠬᠤᠸᠠ ᠨᠣᠮ ᠤᠨ ᠳᠡᠯᠭᠡᠭᠦᠷ ᠢ ᠢᠳᠡᠪᠬᠢᠲᠡᠢ ᠵᠣᠬᠢᠴᠠᠭᠤᠯᠵᠤ᠂ ᠰᠤᠷᠭᠠᠭᠤᠯᠢ ᠡᠬᠢᠯᠡᠬᠦ ᠠᠴᠠ ᠡᠮᠦᠨ᠎ᠡ ᠨᠢᠭᠡ ᠡᠳᠦᠷ ᠲᠤ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠪᠣᠯᠤᠨ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠤᠨ ᠬᠡᠷᠡᠭᠯᠡᠭᠡᠨ ᠤ ᠨᠣᠮ ᠢ ᠪᠠᠭᠰᠢ ᠰᠤᠷᠤᠭᠴᠢᠳ ᠤᠨ ᠭᠠᠷ ᠲᠤ ᠲᠠᠷᠬᠠᠭᠠᠪᠠ᠃ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ 4 ᠨᠡᠷ᠎ᠡ ᠬᠡᠯᠡ ᠪᠢᠴᠢᠭ ᠤᠨ ᠪᠠᠭᠰᠢ ᠵᠢᠴᠢ ᠬᠤᠲᠠ ᠶᠢᠨ ᠵᠢᠭᠠᠨ ᠰᠤᠳᠤᠯᠬᠤ ᠲᠠᠰᠤᠭ ᠤᠨ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠣᠳᠣᠯᠣᠭᠴᠢ ᠶᠢ 1 ᠨᠡᠷ᠎ᠡ ᠰᠣᠩᠭᠤᠨ ᠲᠣᠮᠢᠯᠠᠵᠤ᠂ ᠣᠷᠳᠣᠰ ᠬᠤᠲᠠ ᠶᠢᠨ ᠤᠲᠤᠭ ᠤᠨ ᠡᠮᠦᠨᠡᠲᠦ ᠬᠤᠰᠢᠭᠤᠨ ᠳᠤ ᠶᠠᠪᠤᠭᠳᠠᠭᠰᠠᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠵᠣᠬᠢᠶᠠᠨ ᠪᠠᠶᠢᠭᠤᠯᠤᠭᠰᠠᠨ ᠲᠤᠰᠬᠠᠶ ᠰᠡᠳᠦᠪᠲᠦ ᠪᠣᠯᠪᠠᠰᠤᠷᠠᠯ ᠳᠤ ᠣᠷᠣᠯᠴᠠᠭᠤᠯᠵᠤ᠂ ᠤᠷᠤᠭᠰᠢᠲᠠᠶ ᠪᠠᠷ ᠰᠤᠷᠤᠯᠭ᠎ᠠ ᠡᠬᠢᠯᠡᠬᠦ ᠪᠠ ᠬᠢᠴᠢᠶᠡᠯ ᠡᠬᠢᠯᠡᠬᠦ ᠶᠢ ᠪᠠᠲᠤᠯᠠᠬᠤ ᠶᠢᠨ ᠬᠠᠮᠲᠤ ᠥᠪᠡᠷᠲᠡᠭᠡᠨ ᠵᠠᠰᠠᠬᠤ ᠣ‌‍ᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠤᠰᠤᠳ ᠬᠢᠴᠢᠶᠡᠯ ᠤᠨ ᠪᠠᠶᠢᠷᠢᠯᠠᠭᠤᠯᠤᠯᠲᠠ ᠶᠢ ᠬᠤᠪᠢᠷᠠᠭᠤᠯᠬᠤ ᠥᠬᠡᠶ ᠪᠠ ︽ᠬᠤᠤᠰ ᠬᠡᠯᠡᠨ ᠤ ᠵᠢᠭᠠᠨ ᠰᠤᠷᠭᠠᠯᠲᠠ︾ ᠶᠢᠨ ᠰᠢᠰᠲ᠋ᠧᠮᠵᠢ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠪᠠ᠃ ᠵᠢᠭᠠᠨ ᠰᠤᠳᠤᠯᠬᠤ ᠲᠠᠰᠤᠭ ᠠᠴᠠ 2 ᠬᠡᠯᠡ ᠪᠢᠴᠢᠭ ᠤᠨ ᠵᠢᠭᠠᠨ ᠰᠤᠳᠤᠯᠤᠭᠴᠢ ᠰᠣᠩᠭᠤᠨ ᠬᠤᠲᠠ ᠶᠢᠨ ᠮᠣᠩᠭᠤᠯ ᠦᠨᠳᠦᠰᠦᠳᠡᠨ ᠤ ᠰᠤᠷᠭᠠᠭᠤᠯᠢ ᠳᠤ ᠭᠦᠨᠵᠡᠭᠡᠶᠢᠷᠡᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ︽ᠬᠡᠯᠡ ᠪᠢᠴᠢᠭ︾ ᠤᠨ ᠬᠢᠴᠢᠶᠡᠯᠯᠡᠭᠴᠢ ᠪᠠᠭᠰᠢ ᠲᠠᠢ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠵᠣ᠂ ᠵᠢᠭᠠᠨ ᠰᠤᠷᠭᠠᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠂ ᠤᠳᠤ ᠪᠣᠯᠲᠠᠯ᠎ᠠ ᠮᠥᠨ ᠬᠦ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠢᠯᠣᠭᠤᠳᠴᠤ ᠪᠠᠶᠢᠨ᠎ᠠ᠃      ᠲᠦᠷᠪᠡ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠪᠠ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ 121 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠳᠤ ᠤᠯᠤᠰ  ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ︽ᠭᠤᠤᠯ ᠰᠡᠳᠦᠪᠲᠦ ᠨᠠᠮ ᠤᠨ ᠡᠳᠦᠷᠯᠢᠭ︾ ᠤᠨ ᠠᠵᠢᠯᠯᠠᠭ᠎ᠠ ᠦᠷᠨᠢᠬᠦᠯᠵᠦ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ 1330 ᠠᠩᠭᠢ ᠶᠢᠨ ᠳᠣᠲᠣᠷ᠎ᠠ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢᠶᠠᠷ ᠭᠤᠤᠯ ᠰᠡᠳᠦᠪ ᠪᠣᠯᠭᠠᠭᠰᠠᠨ ᠠᠩᠭᠢ ︵ᠪᠦᠯᠬᠦᠮ︶ ᠶᠢᠨ ᠬᠥᠳᠡᠯᠭᠡᠭᠡᠨ ᠥᠷᠨᠢᠭᠦᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠣᠯᠤᠨ ᠡᠪᠯᠡᠯ ᠤᠨ ᠬᠤᠷᠢᠶᠠᠨ ᠤ ᠲᠤᠰᠬᠠᠶ ᠮᠡᠷᠭᠡᠵᠢᠯᠳᠡᠨ ᠡᠷᠳᠡᠮᠲᠡᠳ ᠢ ᠤᠷᠢᠵᠦ᠂ ᠬᠤᠲᠠ ᠲᠣᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠣᠳᠣᠷᠢᠳᠬᠤ ᠪᠠᠭ ᠤᠨ ᠪᠦᠷᠢᠯᠳᠦᠬᠦᠨ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠪᠠᠭ ᠤᠨ ᠪᠦᠷᠢᠯᠳᠦᠬᠦᠨ ᠵᠢᠴᠢ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠲᠤᠰᠬᠠᠶ ᠰᠡᠳᠦᠪᠲᠦ ᠬᠦᠮᠦᠵᠢᠯ ᠤᠨ ᠲᠠᠶᠢᠯᠤᠮᠵᠢ ᠬᠢᠯᠬᠡᠵᠦ᠂ ᠥᠷᠭᠡᠨ ᠣᠯᠠᠨ ᠪᠠᠭᠰᠢ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠪᠠᠨ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠪᠠ᠃      ᠤᠯᠤᠰ ᠤᠨ ᠪᠠᠶᠠᠷ ᠤᠨ ᠡᠮᠦᠨ᠎ᠡ ᠬᠤᠶᠢᠨ᠎ᠠ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠣᠯᠠᠨ ᠵᠦᠢᠯ ᠤᠨ ᠬᠡᠯᠪᠡᠷᠢ ᠪᠠᠷ ︽ᠪᠢ ᠡᠬᠡ ᠤᠯᠤᠰ ᠲᠠᠢ ᠪᠠᠨ︾ ︽ᠰᠠᠬᠢᠨ ᠪᠠᠷᠠᠯᠠᠵᠤ ᠬᠠᠷᠢᠯᠴᠠᠨ ᠬᠠᠪᠰᠣᠷᠣᠯᠴᠠᠭᠰᠠᠨ ᠦᠨᠳᠦᠰᠦᠲᠡᠨ ᠤ ᠬᠠᠶᠢᠷ᠎ᠠ ᠰᠡᠳᠬᠢᠯᠭᠡ · ᠰᠡᠳᠬᠢᠯ ᠨᠢᠭᠡᠳᠦᠨ ᠲᠤᠮᠳᠠᠲᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ︽ᠪᠠᠳᠠᠷᠠᠯᠲᠤ ᠴᠠᠭ ᠦᠶ᠎ᠡ ᠶᠢᠨ ᠪᠠᠶᠠᠷ ᠤᠨ ᠡᠳᠦᠷ ᠡᠬᠡ ᠤᠯᠤᠰ ᠢᠶᠠᠨ ᠪᠡᠯᠭᠡᠯᠡᠶ᠎ᠡ︾ ︽ᠤᠯᠤᠰ  ᠤᠨ ᠲᠤᠭ ᠢ ᠬᠠᠮᠲᠤᠪᠠᠷ ᠮᠠᠨᠳᠣᠭᠤᠯᠵᠣ ᠤᠯᠤᠰ ᠤᠨ ᠳᠠᠭᠤᠤ ᠶᠢ ᠬᠠᠮᠲᠤᠪᠠᠷ ᠳᠠᠭᠤᠯᠠᠨᠠᠮ — ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ ᠮᠡᠲᠦ ᠳᠣᠲᠣᠨᠣ︾ ︽ᠡᠶ᠎ᠡ ᠵᠤᠬᠢᠴᠠᠯ ᠲᠠᠢ ᠰᠤᠷᠭᠠᠭᠤᠯᠢ ᠶᠢᠨ ᠬᠦᠷᠢᠶ᠎ᠡ  ᠡᠶ᠎ᠡ ᠵᠣᠬᠢᠴᠠᠯ ᠲᠠᠢ ᠪᠠᠭᠰᠢ ᠰᠤᠷᠤᠭᠴᠢ᠂ ᠰᠡᠳᠬᠢᠯ ᠰᠠᠨᠠᠭ᠎ᠠ ᠪᠠᠨ ᠳᠡᠯᠭᠡᠵᠦ ᠴᠤᠭ ᠵᠢᠪᠬᠤᠭ᠎ᠠ ᠪᠠᠨ ᠳᠡᠯᠭᠡᠨ ᠦᠵᠡᠭᠦᠯᠦᠶ᠎ᠡ︾ ᠵᠡᠷᠭᠡ ᠰᠢᠷᠢᠰ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠪᠠ ᠭᠤᠣᠯ ᠰᠡᠳᠦᠪᠲᠦ ᠠᠩᠭᠢ ︵ᠪᠦᠯᠬᠦᠮ︶ ᠶᠢᠨ ᠠᠩᠭᠢ ᠶᠢᠨ ᠠᠵᠢᠯᠯᠠᠭ᠎ᠠ ᠶᠢ 1000 ᠭᠠᠷᠤᠢ ᠤᠳᠠᠭ᠎ᠠ ᠦᠷᠨᠢᠬᠦᠯᠪᠡ᠃ 10 ᠰᠠᠷ᠎ᠠ ᠶᠢᠨ 1 ᠤ ᠦᠳᠡ ᠶᠢᠨ ᠡᠮᠦᠨ᠎ᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠰᠤᠷᠤᠭᠴᠢ ᠶᠢᠨ ᠵᠢᠭᠰᠠᠭᠠᠯ ᠢ ᠵᠤᠬᠢᠶᠠᠨ ᠪᠠᠶᠢᠭᠤᠯᠵᠤ᠂ ᠬᠤᠲᠠ ᠶᠢᠨ ᠠᠷᠠᠳ ᠤᠨ ᠠᠭᠤᠳᠠᠮ ᠲᠠᠯᠠᠪᠠᠢ ᠳᠤ ︽ᠠᠷᠪᠠᠨ ᠰᠠᠷ᠎ᠠ ᠶᠢᠨ ᠨᠢᠭᠡᠨ︾ ᠤ ᠤᠯᠤᠰ ᠤᠨ ᠪᠠᠶᠠᠷ ᠤᠨ ᠡᠳᠦᠷ ᠵᠢᠴᠢ ︽ᠤᠯᠤᠰ ᠤᠨ ᠲᠤᠭ ᠢ ᠬᠠᠮᠲᠤᠪᠠᠷ ᠮᠠᠨᠳᠣᠭᠤᠯᠵᠣ ᠤᠯᠤᠰ ᠤᠨ ᠳᠠᠭᠤᠤ ᠶᠢ ᠬᠠᠮᠲᠤᠪᠠᠷ ᠳᠠᠭᠤᠯᠠᠨᠠᠮ︾ ᠬᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠵᠤ᠂ ᠪᠦᠬᠦ ᠪᠠᠭᠰᠢ ᠰᠤᠷᠤᠭᠴᠢᠳ ᠤᠨ ᠨᠠᠮ ᠢᠶᠠᠨ ᠬᠠᠶᠢᠷᠠᠯᠠᠬᠤ ᠡᠬᠡ ᠣᠷᠣᠨ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠡᠢ᠃      ᠲᠠᠪᠤ ᠳᠤ᠂ ᠡᠷᠲᠡᠬᠡᠨ ᠠᠷᠭ᠎ᠠ ᠰᠦᠪᠡᠭᠴᠢᠯᠡᠵᠦ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠤᠭᠴᠢᠳ ᠤᠨ ᠣᠯᠣᠰ ᠤᠨ ᠪᠠᠶᠠᠷ ᠤᠨ ᠡᠳᠦᠷ ᠤᠨ ᠳᠠᠷᠠᠭ᠎ᠠ ᠪᠦᠬᠦᠨ ᠢᠶᠠᠷ ᠢᠶᠠᠨ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠪᠠ᠃ ᠣᠯᠣᠰ ᠤᠨ ᠪᠠᠶᠠᠷ ᠤᠨ ᠡᠳᠦᠷ ᠤᠨ ᠳᠠᠷᠠᠭ᠎ᠠ ᠰᠤᠷᠤᠭᠴᠢᠳ ᠤᠨ ᠬᠡᠪ ᠤᠨ ᠶᠣᠰᠣᠭᠠᠷ ᠰᠤᠷᠭᠠᠭᠤᠯᠢ ᠳᠠᠭᠠᠨ ᠪᠤᠴᠠᠬᠤ᠂ ᠵᠢᠭᠠᠨ ᠰᠤᠷᠭᠠᠬᠤ ᠡᠮᠬᠢ ᠵᠢᠷᠤᠮ ᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠶᠢᠨ ᠲᠦᠯᠦᠭᠡ᠂ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ︽ᠦᠬᠠᠶ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ 10 ᠰᠠᠷ᠎ᠠ ᠶᠢᠨ 6 ᠤ ᠡᠳᠦᠷ ᠠᠴᠠ ᠰᠤᠷᠤᠭᠴᠢᠳ ᠪᠦᠬᠦᠨ ᠢᠶᠠᠷ ᠢᠶᠠᠨ ᠰᠤᠷᠭᠠᠭᠤᠯᠢ ᠳᠠᠭᠠᠨ ᠪᠤᠴᠠᠬᠤ ᠠᠵᠢᠯ ᠤᠨ ᠲᠥᠰᠦᠯ︾ ᠢ ᠰᠤᠳᠤᠯᠤᠨ ᠲᠣᠭᠲᠠᠭᠠᠵᠤ᠂ ᠤᠳᠤᠷᠢᠳᠬᠤ ᠳᠤᠭᠤᠶᠢᠯᠠᠩ ᠪᠠᠶᠢᠭᠤᠯᠪᠠ᠃ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ 9 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠠᠮᠠᠷᠠᠯᠲᠠ ᠶᠢᠨ ᠬᠤᠭᠤᠴᠠᠭᠠᠨ ᠤ ᠴᠠᠭ ᠢ ᠠᠰᠢᠭᠯᠠᠨ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠪᠠᠨ ᠰᠡᠯᠪᠢᠨ ᠵᠠᠰᠠᠬᠤ ᠪᠠ ᠰᠤᠷᠭᠠᠭᠤᠯᠢ ᠶᠢᠨ ᠬᠢᠨᠠᠨ ᠡᠵᠡᠮᠳᠡᠬᠦ ᠵᠢᠴᠢ ᠠᠮᠤᠷ ᠢ ᠬᠠᠮᠠᠭᠠᠯᠠᠬᠤ ᠲᠥᠬᠦᠭᠡᠷᠦᠮᠵᠢ ᠪᠠᠨ ᠰᠢᠨᠡᠳᠬᠡᠵᠦ᠂ ᠰᠤᠷᠭᠠᠭᠤᠯᠢ ᠡᠬᠢᠯᠡᠭᠰᠡᠨ ᠤ ᠳᠠᠷᠠᠭᠠᠬᠢ ᠰᠤᠷᠭᠠᠭᠤᠯᠢ ᠶᠢᠨ ᠠᠵᠢᠯ ᠢ ᠡᠮᠬᠢ ᠵᠢᠷᠣᠮ ᠲᠠᠢ ᠪᠠᠷ ᠥᠷᠨᠢᠭᠦᠯᠬᠦ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ 10 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ 236 ᠰᠤᠷᠤᠭᠴᠢ ᠪᠦᠬᠦᠨ ᠢᠶᠠᠷ ᠢᠶᠠᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠣᠷᠣᠵᠤ᠂ ᠵᠢᠭᠠᠨ ᠰᠤᠷᠭᠠᠯᠲᠠ ᠶᠢᠨ ᠡᠮᠬᠢ ᠳᠢᠭᠯᠢᠮ ᠡᠮᠬᠢ ᠵᠢᠷᠣᠮ ᠲᠠᠢ ᠪᠣᠯᠪᠠ᠃     ᠬᠤᠶᠠᠷ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ      ᠲᠠᠷᠠᠭᠠᠴᠢ ᠶᠢᠨ ᠠᠯᠬᠤᠮ ᠳᠤ ᠰᠤᠷᠭᠠᠨ ᠬᠥᠮᠦᠵᠢᠯ ᠤᠨ ᠰᠢᠰᠲ᠋ᠧᠮ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠢ ᠣᠯᠠᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠢᠯᠠᠩᠭᠤᠶ᠎ᠠ ᠬᠤᠲᠠ ᠶᠢᠨ ᠨᠠᠮ ᠤᠨ ᠬᠤᠷᠢᠶᠠᠨ ᠤ ᠱᠢ ᠸᠠᠨ ᠵᠢᠶᠦ᠋ᠨ ᠱᠦᠵᠢ ᠶᠢᠨ 10 ᠰᠠᠷ᠎ᠠ ᠶᠢᠨ 9 ᠤ ᠡᠳᠦᠷ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠳᠤᠷᠠᠳᠤᠭᠰᠠᠨ ︽ᠭᠤᠷᠪᠠᠨ ᠰᠢᠨ᠎ᠡ ᠬᠤᠪᠢᠷᠠᠯᠲᠠ︾ ︽ᠳᠥᠷᠪᠡ ᠶᠢ ᠪᠣᠳᠠᠲᠠᠶᠢᠵᠢᠭᠤᠯᠬᠤ︾ ︽ᠳᠥᠷᠪᠡᠨ ᠪᠥᠬᠦ ᠲᠠᠯ᠎ᠠ︾ ︽ᠭᠤᠷᠪᠠ ᠶᠢ ᠶᠠᠭᠠᠬᠢᠭᠰᠠᠨ ᠴᠤ ᠪᠣᠯᠬᠤ ᠥᠬᠡᠶ︾ ᠭᠡᠬᠦ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠬᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠬᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠦ ᠨᠠᠶᠢᠳᠠᠪᠤᠷᠢᠵᠢᠭᠤᠯᠤᠯᠳᠠ ᠶᠢ ᠠᠳᠬᠤᠬᠤ᠂ ᠦᠳᠳᠡᠷ ᠲᠦᠷᠭᠡᠨ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠨᠠᠷᠢᠯᠢᠭ ᠪᠦᠭᠡᠳ ᠪᠣᠳᠠᠲᠠᠶ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠲᠦᠷᠦᠬᠦᠯᠦᠨ ᠠᠬᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠨᠢᠭᠡ ᠯᠡ ᠤᠳᠠᠭ᠎ᠠ ᠳᠤ ᠰᠠᠶᠢᠲᠤᠷ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠣᠭᠲᠠᠴᠠ ᠪᠠᠨ ᠲᠡᠬᠦᠯᠳᠡᠷᠵᠢᠬᠦᠯᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠵᠡᠷᠭᠡ 8 ᠲᠠᠯ᠎ᠠ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠰᠤᠷᠭᠠᠨ ᠬᠥᠮᠦᠵᠢᠯ ᠤᠨ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠤᠲᠤᠬᠢᠴᠢᠯᠠᠭᠰᠠᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠨ ᠬᠦᠮᠦᠵᠢᠯ ᠢ ᠰᠢᠯᠢᠳᠡᠭᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠤ ᠨᠡᠶᠢᠭᠡᠮ ᠤᠨ ᠦᠷ᠎ᠡ ᠨᠥᠯᠥᠭᠡ ᠦᠨᠳᠦᠰᠦᠨ ᠳᠡᠭᠡᠨ ᠢᠯᠡᠷᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号