ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2020/11/3
     11 ᠰᠠᠷ᠎ᠠ ᠶᠢᠨ 2 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠶ᠃      ᠬᠤᠷᠠᠯ ᠠᠴᠠ ᠵᠢᠭᠠᠨ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠴᠢᠬᠤᠯᠠ ᠬᠤᠷᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ ᠪᠦᠭᠦᠳᠡ ᠬᠤᠷᠠᠯ ᠠᠴᠠ ᠪᠠᠲᠤᠯᠠᠭᠰᠠᠨ ︽ᠰᠠᠨᠠᠭᠤᠯᠭ᠎ᠠ︾᠂ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ  ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠡᠷᠬᠡᠪᠰᠢ ᠵᠢᠷᠤᠮᠯᠠᠬᠤ ᠵᠠᠷᠴᠢᠮ᠂ ᠭᠤᠤᠯ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠲᠣᠳᠤᠷᠬᠠᠶᠢᠯᠠᠭᠰᠠᠨ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠪᠠᠨ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠭᠡᠵᠦ᠂ ᠲᠡᠷᠡ ᠶᠣᠰᠣᠭᠠᠷ ᠨᠢ ᠰᠠᠶᠢᠲᠤᠷ ᠲᠤᠤᠱᠯᠠᠭᠤᠯᠤᠨ  ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠣᠯᠠᠨ ᠬᠡᠯᠪᠡᠷᠢ ᠮᠠᠶ᠋ᠢᠭ᠂ ᠣᠯᠠᠨ ᠳᠡᠰ ᠳᠠᠪᠬᠤᠷᠭ᠎ᠠ᠂ ᠪᠦᠬᠦᠨ ᠢ ᠬᠠᠮᠤᠷᠤᠭᠰᠠᠨ ᠲᠥᠪᠯᠡᠷᠡᠩᠭᠦᠶ ᠰᠤᠷᠤᠯᠴᠠᠨ ᠤᠬᠠᠭᠤᠯᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠥᠷᠨᠢᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠰᠤᠷᠤᠯᠴᠠᠬᠤ ᠪᠠᠷ ᠬᠡᠷᠡᠭᠵᠢᠭᠦᠯᠬᠦ ᠶᠢ ᠠᠬᠢᠭᠤᠯᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠬᠠᠢ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠶᠢ  ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠲᠥᠰᠦᠪᠯᠡᠯ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠪᠠᠷᠢᠮᠵᠢᠶᠠᠯᠠᠵᠤ᠂ ᠰᠢᠪᠲᠤᠷᠤᠯᠲᠠ ᠪᠣᠯᠤᠨ ᠡᠬᠢᠯᠡᠯᠲᠡ ᠶᠢᠨ ᠠᠵᠢᠯ ᠤᠨ ᠴᠢᠬᠤᠯᠠ ᠬᠠᠷᠢᠴᠠᠭ᠎ᠠ ᠶᠢ ᠣᠨᠣᠪᠴᠢᠲᠠᠶ ᠡᠵᠡᠮᠰᠢᠵᠦ᠂ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠱᠠᠯᠠᠪᠳᠠᠨ  ᠡᠷᠭᠢᠴᠡᠭᠦᠯᠦᠨ ᠪᠠᠶᠢᠴᠠᠭᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠣᠨᠤᠪᠴᠢᠲᠠᠢ ᠲᠣᠬᠢᠷᠠᠭᠤᠯᠤᠯᠲᠠ ᠬᠢᠵᠦ᠂ ᠪᠥᠬᠦ ᠵᠢᠯ ᠤᠨ ᠬᠠᠷᠠᠯᠲᠠ ᠡᠭᠦᠷᠭᠡ ᠪᠠ ︽13 · 5︾ ᠵᠢᠯ ᠤᠨ  ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠨᠠᠶᠢᠷᠠᠭᠤᠯᠤᠨ᠂ ᠬᠠᠮᠢᠶ᠎ᠠ ᠪᠦᠬᠦᠢ ᠴᠢᠬᠤᠯᠠ ᠠᠷᠭ᠎ᠠ ᠠᠪᠴᠠᠯ ᠴᠢᠬᠤᠯᠠ ᠶᠡᠭᠡ ᠥᠭᠡᠷᠡᠴᠢᠯᠡᠯᠲᠡ ᠴᠢᠬᠤᠯᠠ ᠶᠡᠭᠡ ᠲᠥᠷᠦᠯ ᠵᠦᠢᠯ ᠢ ᠤᠷᠢᠳᠴᠢᠯᠠᠨ ᠪᠠᠶᠢᠷᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠯ᠎ᠡ  ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠤᠯᠤᠰ ᠤᠨ ᠳᠤᠮᠳᠠ ᠤᠷᠳᠤ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠴᠢᠬᠤᠯᠠ ᠶᠡᠭᠡ ᠠᠰᠠᠭᠤᠳᠠᠯ ᠤᠳ︾ ᠵᠡᠷᠭᠡ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号