ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠲᠤ ᠭᠦᠨᠵᠡᠭᠡᠶᠢᠷᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/11/30

     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ

ᠲᠣᠭᠤᠷᠢᠭ ᠲᠤ ᠬᠦᠨᠵᠡᠭᠡᠶᠢᠷᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠪᠠᠶᠢᠴᠠᠭᠠᠨ

ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋

ᠵᠥᠩ ᠱᠧᠩ᠂ ᠳᠡᠳ᠋ ᠬᠤᠲᠠ ᠶᠢᠨ ᠳᠠᠷᠤᠭ᠎ᠠ ᠰᠦᠨ ᠬᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

     ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ

ᠲᠣᠭᠤᠷᠢᠭ ᠲᠤ᠂ ᠶᠡᠷᠦᠩᠬᠡᠢ ᠪᠡᠯᠡ ᠣᠷᠣᠭᠤᠯᠤᠯᠲᠠ ᠨᠢ 4.88 ᠳ᠋ᠦᠩᠰᠢᠭᠤᠷ ᠲᠥᠭᠦᠷᠢᠭ ᠲᠤ ᠬᠦᠷᠦᠭᠰᠡᠨ ᠦᠬᠠᠢ

 ᠶᠢᠨ ᠪᠦᠦ ᠬᠤᠸᠠ ᠸᠠᠨ ᠴᠧᠨ ᠤ 5 ᠲᠦᠮᠡᠨ ᠲᠣᠨ ᠵᠡᠭᠦᠯᠢᠭ ᠬᠡᠦᠷᠡᠰᠦᠨ ᠮᠠᠲ᠋ᠧᠷᠢᠶᠠᠯ ᠢ ᠨᠢᠭᠡ

ᠴᠣᠭᠴᠠᠵᠢᠭᠤᠯᠤᠭᠰᠠᠨ ᠲᠥᠷᠦᠯ ᠵᠦᠢᠯ ᠢ ᠶᠠᠭ ᠱᠠᠯᠠᠪᠳᠠᠨ ᠪᠦᠲᠦᠭᠡᠨ ᠪᠠᠶᠢᠭᠤᠯᠵᠤ᠂ ᠵᠢᠩ ᠶᠦᠨ ᠲᠦᠩ ᠰᠢᠨ᠎ᠡ

ᠮᠠᠲ᠋ᠧᠷᠢᠶᠠᠯ ᠤᠨ ᠠᠵᠤ ᠦᠢᠯᠡᠰ ᠤᠨ ᠲᠥᠪ ᠤᠨ ᠲᠥᠷᠦᠯ ᠵᠦᠢᠯ ᠤᠨ ᠳᠠᠩ ᠲᠠᠯᠠᠰᠲᠤ ᠴᠠᠬᠢᠭᠤᠷ ᠤᠨ ᠨᠢᠭᠡᠳᠦᠭᠡᠷ

ᠦᠢᠯᠡᠳᠪᠦᠷᠢ ᠶᠢᠨ ᠲᠠᠰᠤᠭ᠂ ᠬᠤᠶᠠᠳᠤᠭᠠᠷ ᠦᠢᠯᠡᠳᠪᠦᠷᠢ ᠶᠢᠨ ᠲᠠᠰᠤᠭ ᠲᠣᠨᠤᠭ ᠲᠥᠬᠦᠭᠡᠷᠦᠮᠵᠢ ᠪᠠᠨ ᠤᠭᠰᠠᠷᠠᠵᠤ

ᠳᠠᠭᠤᠰᠬᠠᠪᠠ᠃ ᠱᠢ ᠸᠠᠨ ᠵᠢᠶᠦ᠋ᠨ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ ᠬᠦᠷᠴᠦ᠂ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠬᠦᠨ ᠤ ᠵᠠᠬ᠎ᠠ ᠳᠡᠯᠭᠡᠭᠦᠷ ᠤᠨ ᠠᠵᠤ ᠠᠬᠤᠶ ᠶᠢᠨ ᠦᠷ᠎ᠡ ᠠᠰᠢᠭ᠂

ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ ᠵᠡᠷᠭᠡ ᠪᠠᠶᠢᠳᠠᠯ ᠢ ᠭᠦᠨᠵᠡᠭᠡᠶ ᠤᠶᠢᠯᠠᠭᠠᠵᠤ᠂ ᠠᠵᠤ ᠠᠬᠤᠶᠢᠯᠠᠯ ᠤᠨ

ᠢᠲᠡᠭᠡᠯ ᠢᠶᠠᠨ ᠪᠠᠲᠤᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠤᠯᠠᠮ ᠨᠢᠭᠡ

ᠠᠯᠬᠤᠮ ᠲᠦᠷᠭᠡᠳᠬᠡᠵᠦ᠂ ᠲᠥᠷᠥᠯ ᠵᠦᠢᠯ ᠤᠨ ᠡᠷᠲᠡ ᠪᠠᠷᠢᠯᠭ᠎ᠠ ᠳᠠᠭᠤᠰᠬᠤ᠂ ᠡᠷᠲᠡ ᠠᠰᠢᠭᠯᠠᠯᠲᠠ ᠳᠤ ᠣᠷᠣᠬᠤ᠂

ᠡᠷᠲᠡ ᠦᠷ᠎ᠡ ᠪᠦᠲᠦᠮᠵᠢ ᠣᠯᠬᠤ ᠶᠢ ᠬᠦᠴᠦᠯᠡᠨ ᠠᠭᠢᠭᠤᠯᠬᠤ ᠬᠡᠷᠡᠭᠳᠡᠢ ᠬᠡᠵᠦ ᠵᠤᠷᠢᠭᠵᠢᠭᠤᠯᠵᠤ᠂ ᠬᠤᠲᠠ᠂

ᠲᠣᠭᠤᠷᠢᠭ ᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠠᠵᠤ ᠠᠬᠤᠶᠢᠯᠠᠯ ᠤᠨ ᠬᠦᠭᠵᠢᠯᠳᠡ ᠶᠢ ᠬᠦᠴᠦᠲᠡᠢ

ᠲᠡᠮᠵᠢᠵᠦ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠬᠤᠭᠤᠴᠠᠭ᠎ᠠ ᠶᠣᠰᠣᠭᠠᠷ

ᠪᠠᠶᠢᠭᠤᠯᠤᠨ ᠪᠦᠲᠦᠭᠡᠬᠦ᠂ ᠦᠢᠯᠡᠳᠪᠦᠷᠢᠯᠡᠯ ᠳᠤ ᠣᠷᠤᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ

ᠬᠡᠷᠡᠭᠳᠡᠢ ᠬᠡᠵᠦ ᠱᠠᠭᠠᠷᠳᠠᠪᠠ᠃

     ᠱᠢ ᠸᠠᠨ ᠵᠢᠶᠦ᠋ᠨ ᠪᠠᠰᠠ ᠱᠠᠨᠰᠢ ᠶᠢᠨ ᠮᠠᠰᠢᠨ ᠲᠡᠷᠭᠡᠨ ᠤ ᠦᠬᠠᠶ ᠶᠢᠨ ᠲᠤᠰᠬᠠᠶ ᠮᠠᠰᠢᠨ ᠲᠡᠷᠭᠡᠨ ᠤ

ᠬᠢᠵᠠᠭᠠᠷᠲᠤ ᠺᠤᠮᠫᠠᠨᠢ ᠶᠢᠨ ᠮᠠᠰᠢᠨ ᠲᠡᠷᠭᠡᠨ ᠤ ᠲᠣᠨᠣᠭᠯᠠᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠤ᠂

ᠠᠵᠤ ᠠᠬᠤᠶᠢᠯᠠᠯ ᠤᠨ ᠡᠨᠡ ᠵᠢᠯ ᠠᠴᠠ ᠨᠠᠰᠢᠬᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠤᠨ

ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠢ ᠨᠢ ᠪᠠᠶᠢᠴᠠᠭᠠᠨ ᠦᠵᠡᠬᠦ ᠶᠢᠨ ᠬᠠᠮᠲᠤ ᠬᠦᠨᠳᠦ

ᠬᠡᠯᠪᠡᠷᠢ ᠶᠢᠨ ᠮᠠᠰᠢᠨ ᠲᠡᠷᠭᠡᠨ ᠤ ᠵᠢᠯᠣᠭᠤᠳᠬᠤ ᠲᠠᠰᠤᠭ ᠲᠤ ᠣᠷᠣᠵᠣ᠂ ᠺᠣᠮᠫᠠᠨᠢ ᠶᠢᠨ ᠬᠠᠷᠢᠭᠤᠴᠠᠯᠭᠠᠲᠠᠨ ᠠᠴᠠ

ᠦᠢᠯᠡᠳᠬᠦᠨ ᠤ ᠴᠢᠳᠠᠪᠬᠢ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ᠂

ᠠᠵᠤ ᠠᠬᠤᠶᠢᠯᠠᠯ ᠢ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ

ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ

ᠠᠬᠢᠭᠤᠯᠬᠤ ᠬᠡᠷᠡᠭᠳᠡᠢ ᠬᠡᠵᠦ ᠵᠣᠷᠢᠭᠵᠢᠭᠤᠯᠪᠠ᠃ ᠥᠪᠥᠷ ᠮᠣᠩᠭᠤᠯ ᠤᠨ  ᠮᠧᠩ ᠱᠦᠶ ᠤᠰᠤᠨ ᠤ ᠡᠬᠢ

ᠪᠠᠶᠠᠯᠢᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠱᠢ ᠸᠠᠨ ᠵᠢᠶᠦ᠋ᠨ ᠪᠣᠬᠢᠷ ᠤᠰᠤ ᠶᠢ

ᠰᠢᠢᠳᠪᠦᠷᠢᠯᠡᠬᠦ ᠵᠢᠴᠢ ᠲᠤᠮᠳᠠᠭᠢ ᠤᠰᠤ ᠶᠢ ᠡᠭᠡᠭᠦᠯᠦᠨ ᠬᠡᠷᠡᠭᠯᠡᠬᠦ ᠬᠤᠯᠪᠣᠭᠳᠠᠯ ᠪᠦᠬᠦᠢ ᠪᠠᠶᠢᠳᠠᠯ ᠢ ᠨᠠᠷᠢᠨ

ᠣᠶᠢᠯᠠᠭᠠᠵᠤ᠂ ᠠᠵᠤ ᠠᠬᠤᠶᠢᠯᠠᠯ ᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠦ᠂ ᠭᠠᠷ

ᠤᠷᠠᠯᠠᠯ ᠤᠨ ᠶᠠᠪᠤᠴᠠ ᠪᠠᠨ ᠴᠢᠩᠭ᠎ᠠ ᠳᠦᠷᠢᠮᠵᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂

ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠬᠢᠷᠢ ᠲᠦᠪᠰᠢᠨ ᠢᠶᠠᠨ ᠲᠠᠰᠤᠷᠠᠯᠲᠠ

ᠥᠬᠡᠶ ᠳᠡᠭᠡᠭᠰᠢᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ

ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠦ ᠱᠠᠭᠠᠷᠳᠠᠪᠠ᠃

     ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ

ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ

ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠴᠢᠬᠤᠯᠠ ᠶᠡᠭᠡ

ᠲᠥᠷᠥᠯ ᠵᠦᠢᠯ ᠢ ᠬᠢᠨᠠᠮᠠᠭᠠᠶ ᠰᠤᠳᠤᠯᠤᠨ ᠲᠥᠯᠥᠪᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠵᠤ

ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ

ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠳᠡᠢ᠃ ᠭᠤᠤᠯᠯᠠᠬᠤ ᠠᠵᠤ ᠦᠢᠯᠡᠰ ᠤᠨ ᠳᠠᠪᠠᠭᠤᠯᠢᠭ ᠢᠶᠠᠨ ᠬᠦᠢᠴᠡᠳ

ᠪᠠᠳᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ᠂

ᠦᠢᠯᠡᠳᠬᠦᠨ ᠤ ᠨᠡᠮᠡᠯᠲᠡ ᠦᠷᠳᠡᠭ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠥᠷᠢᠰᠥᠯᠳᠦᠬᠦ ᠬᠦᠴᠦᠨ ᠢᠶᠠᠨ

ᠨᠡᠮᠡᠭᠳᠡᠭᠦᠯᠬᠦ ᠬᠡᠷᠡᠭᠲᠡᠶ᠃ ᠲᠥᠷᠥᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ

ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ

ᠣᠷᠴᠢᠨ ᠲᠤᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ

ᠲᠦᠪᠰᠢᠨ ᠢᠶᠠᠨ ᠰᠠᠶᠢᠵᠢᠷᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠭᠴᠢ ᠬᠦᠴᠦᠨ ᠢᠶᠠᠨ ᠤᠯᠠᠮ

ᠨᠢᠭᠡ ᠠᠯᠬᠤᠮ ᠴᠢᠩᠭᠠᠷᠠᠭᠤᠯᠬᠤ ᠬᠡᠷᠡᠭᠳᠡᠢ ᠬᠡᠵᠡᠢ᠃  

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号