ᠲᠡᠦᠭᠡᠨ ᠣᠯᠠᠷᠢᠯ ︵ᠬᠤᠷᠢᠨ ᠭᠤᠷᠪᠠ︶ | 2006 ᠤᠨ | 1 ᠰᠠᠷ᠎ᠠ ᠶᠢᠨ 25 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ︽ᠬᠤᠳᠠ ᠶᠢᠨ | ᠲᠤᠭᠤᠷᠢᠨ ᠳᠠᠬᠢ ᠠᠭᠠᠷ ᠮᠠᠨᠳᠠᠯ ᠤᠨ ᠪᠤᠬᠢᠷᠳᠠᠯ ᠢ ᠶᠡᠷᠦᠩᠭᠡᠶᠢᠯᠡᠨ ᠵᠠᠰᠠᠬᠤ ᠲᠤᠬᠠᠢ ᠮᠡᠳᠡᠭᠦᠯᠦᠯᠳᠡ︾ ᠶᠢ ᠲᠠᠷᠬᠠᠭᠠᠵᠤ᠂ | ᠴᠠᠭᠢᠯᠭᠠᠨ ᠬᠦᠴᠦ ᠠᠵᠤ ᠠᠬᠤᠶᠢᠯᠠᠯ ᠤᠳ ᠢ ᠬᠤᠶᠠᠷ ᠵᠢᠯ ᠤᠨ ᠲᠤᠳᠤᠷ᠎ᠠ ᠭᠠᠳᠠᠭᠰᠢᠯᠠᠭᠤᠯᠬᠤ ᠪᠠᠷᠢᠮᠵᠢᠶᠠᠨ ᠳᠤ | ᠬᠦᠷᠭᠡᠬᠦ ᠭᠡᠷᠡᠭᠳᠡᠢ ᠬᠡᠵᠦ ᠱᠠᠭᠠᠷᠳᠠᠵᠠᠢ᠃ ᠡᠬᠦᠨ ᠤ ᠬᠠᠮᠳᠤ᠂ ᠴᠠᠬᠢᠯᠠᠭᠤᠷ ᠴᠢᠯᠠᠭᠤᠨ ᠲᠠᠮᠤᠷ ᠤᠨ ᠬᠠᠶᠢᠯᠤᠰᠢ ᠶᠢᠨ | ᠠᠵᠤ ᠠᠬᠤᠶᠢᠯᠠᠯ ᠵᠢᠴᠢ ᠪᠦᠬᠦ ᠬᠤᠳᠠ ᠶᠢᠨ ᠬᠡᠪᠴᠢᠶᠡᠨ ᠳᠤ ᠲᠤᠭᠤᠭᠠᠳᠤ ᠴᠠᠢ ᠶᠢᠨ︶ ᠵᠤᠤᠬ᠎ᠠ ︵ᠭᠦᠸᠧᠯᠦ︶᠂ | ᠬᠤᠭᠤᠯᠠ ᠤᠮᠳᠠᠭᠠᠨ ᠤ ᠦᠢᠯᠡᠰ᠂ ᠮᠠᠰᠢᠨ ᠲᠡᠷᠭᠡ ᠵᠡᠷᠭᠡ ᠪᠤᠬᠢᠷᠳᠠᠯ ᠭᠠᠳᠠᠭᠰᠢᠯᠠᠭᠤᠯᠬᠤ ᠶᠢ ᠰᠡᠷᠭᠡᠶᠢᠯᠡᠨ ᠵᠠᠰᠠᠬᠤ | ᠲᠤᠳᠤᠷᠬᠠᠢ ᠱᠠᠭᠠᠷᠳᠠᠯᠭ᠎ᠠ ᠨᠤᠭᠤᠳ ᠢ ᠲᠤᠷᠠᠳᠤᠨ ᠭᠠᠷᠭᠠᠵᠠᠢ᠃ | 2 ᠰᠠᠷ᠎ᠠ ᠶᠢᠨ 8 ~ 10 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠵᠢᠷᠭᠤᠳᠤᠭᠠᠷ ᠬᠤᠭᠤᠴᠠᠭᠠᠨ ᠤ ᠬᠡᠰᠢᠭᠦᠳ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠷᠠᠯ | ᠢᠶᠠᠷ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠳᠡ ᠪᠠ ᠰᠠᠨᠠᠯ | ᠲᠤᠷᠠᠳᠤᠯᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠪᠠᠳᠤᠯᠠᠵᠤ᠂ ᠰᠠᠨᠠᠯ | ᠲᠤᠷᠠᠳᠤᠯᠭ᠎ᠠ ᠶᠢᠨ ᠠᠵᠢᠯ ᠬᠢᠭᠡᠳ ᠰᠠᠨᠠᠯ ᠲᠤᠷᠠᠳᠤᠯᠭ᠎ᠠ ᠶᠢᠨ ᠠᠵᠢᠯ ᠢ ᠲᠠᠭᠠᠭᠠᠴᠢᠯᠠᠨ ᠪᠡᠶᠡᠯᠡᠭᠦᠯᠦᠭᠰᠡᠨ ᠲᠡᠷᠢᠭᠦᠨ ᠤ | ᠨᠢᠭᠡᠴᠡ ᠬᠢᠭᠡᠳ ᠬᠤᠪᠢ ᠬᠦᠮᠦᠨ ᠢ ᠱᠠᠩᠨᠠᠨ ᠬᠦᠭᠢᠭᠦᠯᠪᠡ᠃ | 2 ᠰᠠᠷ᠎ᠠ ᠶᠢᠨ 7 ~ 11 ᠤ ᠡᠳᠦᠷ᠂ ᠦᠬᠠᠢ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠬᠤᠷᠠᠯ ᠠᠴᠠ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠳᠡ᠂ ᠠᠷᠠᠳ ᠤᠨ | ᠲᠦᠯᠦᠭᠡᠯᠡᠭᠴᠢᠳ ᠤᠨ ᠪᠠᠶᠢᠩᠭᠤ ᠶᠢᠨ ᠬᠡᠰᠢᠭᠦᠳ ᠤᠨᠠᠵᠢᠯ ᠤᠨ ᠮᠡᠳᠡᠭᠦᠯᠦᠯᠳᠡ᠂ ᠦᠬᠠᠢ ᠬᠤᠳᠠ ᠶᠢᠨ ᠲᠤᠮᠳᠠ | ᠵᠡᠷᠭᠡ ᠶᠢᠨ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ | ᠶᠢ ᠰᠤᠨᠤᠰᠴᠤ᠂ ᠬᠢᠨᠠᠨ ᠶᠠᠷᠢᠯᠴᠠᠵᠤ᠂ ᠪᠠᠳᠤᠯᠠᠵᠠᠢ᠃ | 3 ᠰᠠᠷ᠎ᠠ ᠶᠢᠨ 5 ᠤ ᠡᠳᠦᠷ᠂ ᠱᠧᠨ ᠬᠤᠸᠠ ᠪᠦᠯᠦᠭᠯᠡᠯ ᠤᠨ ᠦᠬᠠᠢ ᠶᠢᠨ ᠨᠡᠭᠦᠷᠡᠰᠦ ᠬᠡᠦᠷᠡᠰᠦᠨ ᠤ | ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠵᠢᠯ ᠳᠤ 300 ᠲᠦᠮᠡᠨ ᠲᠤᠨ ᠤᠤᠭᠠᠯ ᠨᠡᠭᠦᠷᠡᠰᠦ | ᠦᠢᠯᠡᠳᠪᠦᠷᠢᠯᠡᠳᠡᠭ ᠠᠭᠤᠷᠬᠠᠢ ᠶᠢᠨ ᠬᠤᠳᠳᠤᠭ ᠶᠢᠨ ᠲᠦᠷᠦᠯ ᠵᠦᠢᠯ ᠪᠠᠷᠢᠯᠭ᠎ᠠ ᠡᠬᠢᠯᠡᠬᠦᠯᠵᠡᠢ᠂ ᠨᠡᠶᠢᠳᠡ 4.51 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠎ᠠ᠃ | 3 ᠰᠠᠷ᠎ᠠ ᠶᠢᠨ 13 ᠤ ᠡᠳᠦᠷ᠂ ᠤᠯᠤᠰ ᠤᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢᠨ ᠬᠢᠨᠠᠨ | ᠬᠠᠮᠢᠶᠠᠷᠤᠯᠳᠠ ᠶᠢᠨ ᠲᠤᠪᠴᠢᠶᠠᠨ ᠤ ᠲᠡᠳ᠋ ᠲᠡᠷᠤᠭ᠎ᠠ ᠸᠠᠩ ᠱᠤ᠋ ᠾᠧ ᠦᠬᠠᠢ ᠳᠤ ᠢᠷᠡᠵᠦ᠂ ᠨᠡᠭᠦᠷᠡᠰᠦᠨ ᠠᠭᠤᠷᠬᠠᠢ | ᠶᠢ ᠴᠡᠭᠴᠡᠯᠡᠨ ᠬᠠᠭᠠᠬᠤ ᠠᠵᠢᠯ ᠳᠤ ᠪᠠᠶᠢᠴᠠᠭᠠᠯᠳᠠ ᠬᠢᠵᠦ᠂ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠭᠤᠷᠬᠠᠢ ᠶᠢᠨ ᠬᠤᠳᠳᠤᠭ ᠢ ᠲᠠᠬᠢᠨ ᠲᠠᠪᠳᠠᠨ ᠪᠠᠶᠢᠴᠠᠭᠠᠵᠤ ᠬᠠᠭᠠᠬᠤ ᠶᠢ ᠴᠢᠩᠭᠠᠳᠬᠠᠨ᠂ | ᠠᠶᠤᠯ ᠤᠨ ᠦᠨᠳᠦᠰᠦ ᠰᠤᠷᠪᠤᠯᠵᠢ ᠶᠢ ᠬᠠᠮᠤᠭ ᠲᠤᠤᠷ᠎ᠠ ᠬᠡᠮᠵᠢᠶᠡᠨ ᠳᠤ ᠪᠠᠶᠢᠯᠭᠠᠬᠤ ᠶᠢ ᠪᠠᠳᠤᠯᠠᠬᠤ ᠬᠡᠷᠡᠭᠳᠡᠢ ᠬᠡᠵᠦ | ᠴᠢᠩᠭᠠᠳᠬᠠᠵᠠᠢ᠃ | 3 ᠰᠠᠷ᠎ᠠ ᠶᠢᠨ 23 ~ 24 ᠤ ᠡᠳᠦᠷ᠂ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠷᠦᠩᠭᠡᠢ | ᠲᠤᠪᠴᠢᠶ᠎ᠠ ᠦᠬᠠᠢ ᠬᠤᠳᠠ ᠳᠤ ᠡᠷᠳᠡᠮ ᠰᠢᠨᠵᠢᠯᠡᠭᠡᠨ ᠤ ᠪᠠᠳᠤᠯᠠᠯᠳᠠ ᠶᠢᠨ ᠬᠤᠷᠠᠯ ᠬᠢᠵᠦ᠂ ︽ᠦᠬᠠᠢ ᠬᠤᠳᠠ ᠶᠢᠨ | ᠤᠷᠴᠢᠯᠳᠤ ᠠᠵᠤ ᠠᠬᠤᠢ ᠶᠢᠨ ᠬᠦᠭᠵᠢᠯᠳᠡ ᠶᠢᠨ ᠲᠦᠯᠦᠪᠵᠢᠭᠦᠯᠭᠡ︾ ᠶᠢ ᠪᠠᠳᠤᠯᠠᠵᠠᠢ᠃ | 4 ᠰᠠᠷ᠎ᠠ ᠶᠢᠨ 10 ~ 11 ᠤ ᠡᠳᠦᠷ᠂ ᠲᠦᠪ ᠤᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠭᠦᠨ᠂ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠡᠪ ᠬᠠᠮᠳᠤ ᠨᠠᠮ ᠤᠨ ᠬᠡᠰᠢᠭᠦᠨ ᠤ ᠲᠠᠪᠰᠢᠭᠰᠠᠨ | ︵ᠲᠠᠪᠰᠢᠩᠭᠤᠢ︶ ᠰᠤᠷᠭᠠᠨ ᠬᠦᠮᠦᠵᠢᠯ ᠤᠨ ᠬᠦᠳᠡᠯᠭᠡᠭᠡᠨ ᠤ ᠲᠠᠭᠢᠨ ᠪᠠᠶᠢᠴᠠᠭᠠᠬᠤ ᠲᠤᠭᠤᠶᠢᠯᠠᠩ ᠤᠨ ᠲᠤᠭᠤᠶᠢᠯᠠᠩ | ᠤᠨ ᠲᠠᠷᠤᠭ᠎ᠠ ᠶᠢᠨ ᠳ᠋ᠤᠤ ᠮᠢᠩ ᠨᠠᠷ ᠦᠬᠠᠢ ᠬᠤᠳᠠ ᠳᠤ ᠢᠷᠡᠵᠦ᠂ ᠲᠠᠪᠰᠢᠭᠰᠠᠨ ︵ᠲᠠᠪᠰᠢᠩᠭᠤᠢ︶ ᠰᠤᠷᠭᠠᠨ | ᠬᠦᠮᠦᠵᠢᠯ ᠤᠨ ᠬᠦᠳᠡᠯᠭᠡᠭᠡᠨ ᠢ ᠦᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠵᠡᠢ᠃ | 4 ᠰᠠᠷ᠎ᠠ ᠶᠢᠨ 20 ᠤ ᠡᠳᠦᠷ᠂ ᠦᠬᠠᠢ ᠬᠤᠳᠠ ᠶᠢᠨ ᠡᠯᠡᠰᠤᠨ ᠠᠵᠤ ᠦᠢᠯᠡᠰ᠂ ᠡᠪᠡᠰᠦᠨ ᠠᠵᠤ ᠦᠢᠯᠡᠰ | ᠤᠨ ᠨᠡᠶᠢᠭᠡᠮᠯᠢᠭ ᠪᠠᠶᠢᠭᠤᠯᠤᠭᠳᠠᠵᠠᠢ᠃ | 4 ᠰᠠᠷ᠎ᠠ ᠳᠤ᠂ ᠢᠲ᠋ᠠᠯᠢ ᠤᠯᠤᠰ ᠤᠨ ᠪᠠᠶᠢᠴᠠᠭᠠᠯᠳᠠ ᠶᠢᠨ ᠪᠦᠯᠬᠦᠮ ᠦᠬᠠᠢ ᠬᠤᠳᠠ ᠶᠢᠨ ᠡᠮᠡᠭᠳᠡᠶᠢᠴᠤᠳ | ᠬᠡᠦᠭᠡᠳ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠴᠠᠭᠠᠵᠤ᠂ ᠦᠨᠠᠯᠠᠯᠳᠠ ᠦᠭᠴᠦ᠂ ᠬᠤᠳᠠ ᠶᠢᠨ | ᠡᠮᠡᠭᠳᠡᠶᠢᠴᠤᠳ ᠬᠡᠦᠭᠡᠳ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ ᠬᠠᠶᠢᠨᠠᠨ ᠲᠤᠭᠤᠷᠢᠭ ᠤᠨ ᠡᠮᠡᠭᠳᠡᠶᠢᠴᠤᠳ | ᠬᠡᠦᠭᠡᠳ ᠤᠨ ᠡᠷᠡᠭᠦᠯ ᠬᠠᠮᠠᠭᠠᠯᠠᠯ ᠤᠨ ᠬᠤᠷᠢᠶᠠᠨ ᠳᠤ ᠲᠤᠨᠤᠭ ᠲᠦᠭᠦᠭᠡᠷᠦᠮᠵᠢ ᠶᠢᠨ ᠪᠡᠯᠡ ᠮᠦᠩᠭᠦᠨ ᠤ ᠲᠤᠰᠠᠯᠠᠮᠵᠢ | ᠨᠡᠶᠢᠳᠡ 28.5 ᠲᠦᠮᠡᠨ ᠡᠸᠦ᠋ᠷᠦᠫᠡ ᠵᠤᠭᠤᠰ ᠲᠤᠰᠠᠯᠠᠵᠠᠢ᠃ | 5 ᠰᠠᠷ᠎ᠠ ᠶᠢᠨ 13 ~ 14 ᠤ ᠡᠳᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠨ᠂ ᠲᠤᠮᠳᠠᠳᠤ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠡᠷᠡᠨ ᠵᠠᠭᠤᠨ ᠤ ᠠᠵᠢᠯᠯᠠᠭᠠᠨ ᠤ ᠺᠤᠮᠢᠰ ᠤᠨ ᠲᠡᠳ᠋ ᠡᠷᠭᠢᠯᠡᠭᠴᠢ ᠶᠧ ᠿᠤ᠋ ᠲᠠᠩ ᠰᠤᠷᠪᠤᠯᠵᠢᠯᠠᠭᠴᠢ ᠶᠢᠨ ᠪᠦᠯᠭᠦᠮ ᠢ | ᠲᠠᠶᠢᠴᠢᠯᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠬᠠᠤᠯᠢ ᠬᠡᠷᠡᠭᠵᠢᠭᠦᠯᠭᠦ ᠪᠠᠶᠢᠴᠠᠭᠠᠯᠳᠠ ᠶᠢᠨ ᠲᠤᠭᠤᠶᠢᠯᠠᠩ ᠤᠨ | ᠪᠠᠷᠠᠳᠠᠯᠭ᠎ᠠ ᠪᠠᠷ ᠦᠬᠠᠢ ᠬᠤᠳᠠ ᠳᠤ ᠢᠷᠡᠵᠦ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠳᠠᠭᠤ | ᠪᠡᠶᠡᠳᠦ ᠬᠠᠶᠠᠭᠳᠠᠮᠠᠯ ᠪᠤᠳᠠᠰ ᠤᠨ ᠤᠷᠴᠢᠨ ᠲᠤᠭᠤᠷᠢᠨ ᠤ ᠪᠤᠵᠠᠷᠳᠠᠯ ᠢ ᠰᠡᠷᠭᠡᠶᠢᠯᠡᠨ ᠵᠠᠰᠠᠬᠤ ᠠᠷᠭ᠎ᠠ︾ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠤᠷᠴᠢᠨ ᠲᠤᠭᠤᠷᠢᠨ ᠤ ᠪᠤᠵᠠᠷᠳᠠᠯ ᠢ ᠰᠡᠷᠭᠡᠶᠢᠯᠡᠨ ᠵᠠᠰᠠᠬᠤ | ᠠᠷᠭ᠎ᠠ︾ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠠᠯ ᠢ ᠰᠡᠷᠭᠡᠶᠢᠯᠡᠨ | ᠵᠠᠰᠠᠬᠤ ᠠᠷᠭ᠎ᠠ︾ ᠵᠡᠷᠭᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠪᠠᠶᠢᠴᠠᠭᠠᠨ ᠰᠤᠷᠪᠤᠯᠵᠢᠯᠠᠵᠠᠢ᠃ | 5 ᠰᠠᠷ᠎ᠠ ᠶᠢᠨ 27 ᠤ ᠡᠳᠦᠷ᠂ ᠪᠡᠭᠡᠵᠢᠩ ᠤᠨ ᠴᠡᠷᠢᠭ ᠤᠨ ᠲᠤᠭᠤᠷᠢᠭ ᠤᠨ ᠲᠡᠳ᠋ ᠤᠯᠤᠰ ᠲᠦᠷᠦ ᠶᠢᠨ | ᠬᠡᠰᠢᠬᠦᠨ᠂ ᠲᠡᠰᠯᠡᠭᠴᠢ ᠭᠧᠨᠧᠷᠡᠯ ᠯᠢ ᠸᠧᠨ ᠬᠤᠸᠠ ᠦᠬᠠᠢ ᠬᠤᠳᠠ ᠳᠤ ᠢᠷᠡᠵᠦ᠂ ᠦᠬᠠᠢ ᠶᠢᠨ ᠴᠡᠷᠢᠭ ᠤᠨ ᠶᠠᠪᠤᠳᠠᠯ | ᠤᠨ ᠲᠤᠨᠤᠭ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠴᠡᠷᠢᠭ ᠤᠨ | ᠶᠠᠪᠤᠳᠠᠯ ᠤᠨ ᠪᠠᠶᠢᠭᠤᠯᠤᠯᠳᠠ᠂ ᠠᠷᠠᠳ ᠤᠨ ᠴᠡᠷᠢᠭ ᠤᠨ ᠵᠤᠬᠢᠶᠠᠨ ᠪᠠᠶᠢᠭᠤᠯᠤᠯᠳᠠ᠂ ᠴᠡᠷᠢᠭ ᠤᠨ ᠬᠤᠪᠢᠶᠠᠷᠢ | ᠲᠤᠭᠤᠷᠢᠭ ᠤᠨ ᠦᠪᠡᠷ ᠤᠨ ᠪᠠᠶᠢᠭᠤᠯᠤᠯᠳᠠ ᠬᠢᠭᠡᠳ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠳᠠ ᠵᠡᠷᠭᠡ | ᠲᠠᠯ᠎ᠠ ᠪᠠᠷ ᠬᠢ ᠠᠵᠢᠯ ᠤᠨ ᠮᠡᠳᠡᠭᠦᠯᠦᠯᠳᠡ ᠶᠢ ᠰᠤᠨᠤᠰᠴᠠᠢ᠃ | 5 ᠰᠠᠷ᠎ᠠ ᠶᠢᠨ 31 ᠤ ᠡᠳᠦᠷ᠂ ᠦᠬᠠᠢ ᠬᠤᠳᠠ ᠶᠢᠨ ᠬᠠᠶᠢᠨᠠᠨ ᠲᠤᠭᠤᠷᠢᠭ ᠲᠤ ᠤᠨᠴᠠᠭᠠᠢ ᠲᠤᠮᠤ ᠵᠠᠮ | ᠬᠠᠷᠢᠯᠴᠠᠭᠠᠨ ᠤ ᠭᠡᠷᠡᠭ ᠭᠠᠷᠴᠤ᠂ ᠨᠢᠭᠡᠨ ᠲᠤᠮᠤ ᠠᠶᠠᠨᠴᠢᠳ ᠤᠨ ᠮᠠᠰᠢᠨ ᠲᠤᠮᠤ ᠪᠠᠷᠠᠭᠠᠨ ᠤ ᠮᠠᠰᠢᠨ ᠲᠠᠢ | ᠮᠦᠷᠭᠦᠯᠳᠦᠵᠦ᠂ 3 ᠬᠦᠮᠦᠨ ᠠᠳᠡᠵᠦ᠂ 3 ᠬᠦᠮᠦᠨ ᠬᠦᠨᠳᠦ ᠰᠢᠷᠬᠠᠳᠤᠵᠤ᠂ 21 ᠬᠦᠮᠦᠨ ᠬᠦᠩᠭᠡᠨ ᠰᠢᠷᠬᠠᠳᠤᠵᠠᠢ᠃ | 6 ᠰᠠᠷ᠎ᠠ ᠶᠢᠨ 6 ᠤ ᠡᠳᠦᠷ᠂ ᠦᠬᠠᠢ ᠬᠤᠳᠠ ᠶᠢᠨ ᠲᠦᠷᠢᠶᠡᠰᠦᠨ ᠮᠠᠰᠢᠨ ᠲᠡᠷᠭᠡᠨ ᠤ ᠬᠤᠷᠢᠶᠠᠬᠤ | ᠰᠦᠢᠳᠭᠡᠯ ᠳᠤ ᠲᠤᠭᠢᠷᠠᠭᠤᠯᠤᠯᠳᠠ ᠬᠢᠬᠦ ᠪᠠᠲᠤᠯᠠᠯᠲᠠ ᠶᠢᠨ ᠬᠤᠷᠠᠯ ᠡᠷᠭᠢᠯᠡᠵᠦ᠂ ᠠᠶᠠᠨᠴᠢᠳ ᠤᠨ ᠲᠦᠷᠢᠶᠡᠰᠦᠨ | ᠮᠠᠰᠢᠨ ᠤ ᠲᠦᠷᠢᠶᠡᠰᠦᠨ ᠦᠨ᠎ᠡ ᠶᠢ ᠬᠤᠶᠠᠷ ᠺᠢᠯᠦᠮᠧᠲᠷ ᠪᠦᠷᠢ ᠳᠤ ᠭᠤᠷᠪᠠᠨ ᠲᠦᠭᠦᠷᠢᠭ ᠢᠶᠠᠨ ᠲᠦᠷᠪᠡᠨ | ᠲᠦᠭᠦᠷᠢᠭ ᠪᠤᠯᠭᠠᠵᠤ᠂ ᠬᠤᠶᠠᠷ ᠺᠢᠯᠦᠮᠧᠲᠷ ᠠᠴᠠ ᠬᠡᠳᠦᠷᠡᠭᠰᠡᠨ ᠪᠠᠶᠢᠳᠠᠯ ᠳᠤ ᠨᠡᠮᠡᠯᠳᠡ ᠦᠨ᠎ᠡ ᠶᠢ ᠤᠤᠯ ᠤᠨ ᠬᠢ | ᠲᠠᠢ ᠠᠳᠠᠯᠢ ᠭᠡᠵᠦ ᠲᠤᠭᠳᠠᠭᠠᠵᠠᠢ᠃ | △ᠲᠤᠮᠳᠠᠳᠤ ᠤᠯᠤᠰ ᠤᠨ ᠬᠤᠯᠪᠤᠭᠠᠯᠠᠭᠰᠠᠨ ᠲᠠᠭᠠᠳᠬᠠᠯ ᠤᠨ ᠺᠤᠮᠫᠠᠨᠢ ᠶᠢᠨ ᠦᠬᠠᠢ ᠶᠢᠨ ᠭᠤᠤᠯ ᠰᠠᠯᠪᠤᠷᠢ | ᠪᠠᠩᠭᠢ ᠫᠠᠶᠢᠰᠠ ᠡᠯᠬᠦᠨ ᠪᠠᠶᠢᠭᠤᠯᠤᠭᠳᠠᠪᠠ᠃ | 7 ᠰᠠᠷ᠎ᠠ ᠶᠢᠨ 8 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠲᠡᠮᠢᠷ ᠤᠨ ᠤᠷᠤᠯᠳᠤᠭᠠᠨ ᠤ ᠭᠠᠯ ᠪᠠᠮᠪᠠᠷ ᠲᠠᠮᠵᠢᠭᠤᠯᠬᠤ ᠶᠤᠰᠤᠯᠠᠯ ᠦᠬᠠᠢ ᠬᠤᠳᠠ ᠳᠤ | ᠶᠠᠪᠤᠭᠳᠠᠪᠠ᠃ | 7 ᠰᠠᠷ᠎ᠠ ᠶᠢᠨ 22 ᠤ ᠡᠳᠦᠷ᠂ ᠤᠯᠤᠰ ᠤᠨ ᠬᠠᠳᠤᠨ ᠭᠤᠤᠯ ᠤᠨ ᠤᠰᠤᠨ ᠠᠰᠢᠭᠯᠠᠯᠳᠠ ᠶᠢᠨ ᠵᠦᠪᠯᠡᠯ ᠤᠨ | ᠡᠷᠭᠢᠯᠡᠭᠴᠢ ᠯᠢ ᠬᠦᠸᠧ ᠶᠢᠩ ᠨᠠᠷ ᠦᠬᠠᠢ ᠬᠤᠳᠠ ᠳᠤ ᠢᠷᠡᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠭᠦᠯᠡᠭᠴᠢ ᠯᠸᠢ᠂ ᠡᠷᠳᠡᠨᠢ ᠪᠤᠯᠤᠨ ᠦᠬᠠᠢ ᠬᠤᠳᠠ ᠶᠢᠨ ᠨᠠᠮ ᠵᠠᠰᠠᠭ ᠤᠨ ᠭᠤᠤᠯ ᠪᠤᠯᠬᠤ | ᠤᠳᠤᠷᠢᠳᠤᠯᠭ᠎ᠠ ᠨᠠᠷ ᠤᠨ ᠪᠠᠷᠠᠳᠠᠯᠭ᠎ᠠ ᠪᠠᠷ ᠬᠠᠳᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠳᠠ | ᠶᠢᠨ ᠬᠦᠢᠰᠦ ᠢᠨᠵᠧᠨᠧᠷᠢᠩ ᠢ ᠪᠦᠳᠦᠭᠡᠨ ᠪᠠᠶᠢᠭᠤᠯᠬᠤ ᠪᠠᠶᠢᠳᠠᠯ ᠢ ᠲᠤᠭᠤᠷᠢᠨ ᠪᠠᠶᠢᠴᠠᠭᠠᠵᠠᠢ᠃ | 7 ᠰᠠᠷ᠎ᠠ ᠶᠢᠨ 28 ~ 29 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠯᠢ ᠮᠧᠩ᠂ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠪᠠᠶᠢᠩᠭᠤ ᠶᠢᠨ ᠬᠡᠰᠢᠭᠦᠨ᠂ ᠰᠢᠶᠠᠩᠭᠠᠩ ᠤᠤᠮᠧᠨ ᠲᠠᠶᠢᠸᠠᠨ | ᠬᠠᠷᠢᠶᠠᠳᠤ ᠨᠠᠷ ᠤᠨ ᠵᠦᠪᠯᠡᠯ ᠤᠨ ᠲᠡᠳ᠋ ᠡᠷᠭᠢᠯᠡᠭᠴᠢ᠂ ᠲᠤᠮᠳᠠᠳᠤ ᠤᠯᠤᠰ ᠤᠨ ᠬᠠᠷᠢᠶᠠᠳᠤ ᠨᠠᠷ ᠤᠨ ᠬᠤᠯᠪᠤᠭᠠᠨ ᠤ | ᠤᠤᠯ ᠤᠨ ᠲᠡᠳ᠋ ᠲᠡᠷᠢᠭᠦᠯᠡᠭᠴᠢ᠂ ᠨᠠᠮ ᠤᠨ ᠲᠤᠭᠤᠶᠢᠯᠠᠩ ᠤᠨ ᠲᠡᠳ᠋ ᠱᠦᠵᠢ ᠾᠧ ᠲᠢᠶᠠᠨ ᠹᠠ᠂ ᠪᠦᠬᠦ ᠤᠯᠤᠰ ᠤᠨ | ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠯᠢ ᡁᠢ ᠮᠢᠨ᠂ ᠸᠧᠩ ᠢᠦᠢ ᠴᠢᠩ ᠨᠠᠷ ᠪᠦᠬᠦ ᠤᠯᠤᠰ ᠤᠨ ᠤᠯᠤᠰ | ᠲᠦᠷᠦ ᠶᠢᠨ ᠵᠦᠪᠯᠡᠯᠭᠡᠨ ᠤ ᠪᠠᠶᠢᠴᠠᠭᠠᠬᠤ ᠪᠦᠯᠭᠦᠮ ᠢ ᠲᠠᠭᠠᠭᠤᠯᠵᠤ ᠦᠬᠠᠢ ᠬᠤᠳᠠ ᠳᠤ ᠢᠷᠡᠵᠦ᠂ ᠠᠵᠤ ᠠᠬᠤᠢ | ᠶᠢᠨ ᠨᠡᠭᠡᠭᠡᠯᠳᠡ ᠶᠢᠨ ᠤᠷᠤᠨ᠂ ᠦᠨᠳᠦᠷ ᠠᠰᠢᠭᠳᠤ ᠲᠡᠷᠢᠶᠡᠯᠠᠩ ᠤᠨ ᠵᠢᠱᠢᠶ᠎ᠡ ᠦᠵᠡᠬᠦᠯᠭᠦ ᠤᠷᠤᠨ ᠬᠢᠭᠡᠳ ᠭᠡᠰᠡᠭ | ᠠᠵᠤ ᠠᠬᠤᠶᠢᠯᠠᠯ ᠪᠠ ᠪᠠᠶᠢᠭᠤᠯᠵᠤ ᠪᠠᠶᠢᠭ᠎ᠠ ᠰᠤᠶᠤᠯ ᠤᠨ ᠤᠷᠳᠤᠨ ᠵᠡᠷᠭᠡ ᠭᠠᠵᠠᠷ ᠤᠳ ᠢᠶᠠᠷ ᠲᠤᠭᠤᠷᠢᠨ ᠦᠵᠡᠵᠦ᠂ | ᠦᠬᠠᠢ ᠬᠤᠳᠠ ᠶᠢᠨ ᠠᠵᠤ ᠦᠢᠯᠡᠳᠪᠦᠷᠢ᠂ ᠲᠠᠷᠢᠶᠠᠯᠠᠩ ᠪᠤᠯᠤᠨ ᠬᠤᠳᠠ ᠶᠢᠨ ᠪᠦᠳᠦᠭᠡᠨ ᠪᠠᠶᠢᠭᠤᠯᠤᠯᠳᠠ ᠳᠤ | ᠪᠠᠶᠢᠴᠠᠭᠠᠯᠳᠠ ᠬᠢᠵᠡᠢ᠃ | 8 ᠰᠠᠷ᠎ᠠ ᠶᠢᠨ 8 ᠤ ᠡᠳᠦᠷ᠂ ᠱᠠᠩᠬᠠᠢ ᠶᠢᠨ ᠮᠸᠢ ᠹᠠᠩ ᠪᠡᠯᠡ ᠤᠷᠤᠭᠤᠯᠤᠯᠳᠠ ᠶᠢᠨ ᠪᠦᠯᠦᠭᠯᠡᠯ ᠦ᠋ ᠬᠤ᠋ ᠱᠠᠨ | ᠨᠡᠭᠦᠷᠡᠰᠦ ᠬᠡᠦᠷᠡᠰᠦᠨ ᠤ ᠬᠢᠵᠠᠭᠠᠷᠳᠤ ᠺᠤᠮᠫᠠᠨᠢ ᠲᠠᠢ 200 ᠲᠦᠮᠡᠨ ᠲᠤᠨ ᠬᠡᠦᠷᠡᠰᠦ᠂ 20 ᠲᠦᠮᠡᠨ ᠲᠤᠨ ᠮᠧᠲᠵᠯ | ᠠᠯᠺᠤᠤᠯ ᠤᠨ ᠬᠠᠮᠳᠤᠷᠠᠨ ᠠᠵᠢᠯᠯᠠᠬᠤ ᠲᠦᠷᠦᠯ ᠵᠦᠢᠯ ᠤᠨ ᠬᠡᠯᠡᠯᠴᠡᠭᠡᠷ ᠢ ᠲᠤᠭᠳᠠᠭᠠᠵᠠᠢ᠂ ᠲᠤᠰ ᠲᠦᠷᠦᠯ ᠵᠦᠢᠯ ᠳᠤ | ᠪᠠᠷᠤᠭ 19 ᠳ᠋ᠦᠩᠰᠢᠭᠤᠷ ᠤᠨ ᠲᠦᠭᠦᠷᠢᠭ ᠪᠡᠯᠡ ᠤᠷᠤᠭᠤᠯᠤᠨ᠎ᠠ᠃ | 8 ᠰᠠᠷ᠎ᠠ ᠶᠢᠨ 18 ᠤ ᠡᠳᠦᠷ᠂ ᠪᠦᠬᠦ ᠬᠤᠳᠠ ᠶᠢᠨ ᠠᠩᠬᠠᠨ ᠤ ᠬᠠᠭᠤᠴᠢᠨ ᠬᠠᠶᠠᠭᠳᠠᠮᠠᠯ ᠪᠤᠳᠠᠰ ᠢ | ᠬᠤᠷᠢᠶᠠᠨ ᠠᠪᠬᠤ ᠲᠤᠰᠬᠠᠢ ᠵᠠᠬ᠎ᠠ ᠲᠡᠯᠭᠡᠭᠦᠷ— ᠦᠬᠠᠢ ᠬᠤᠳᠠ ᠶᠢᠨ ᠲᠠᠬᠢᠨ ᠠᠰᠢᠭᠯᠠᠬᠤ ᠡᠭᠢ ᠪᠠᠶᠠᠯᠢᠭ ᠢ | ᠬᠤᠷᠢᠶᠠᠨ ᠠᠪᠴᠤ ᠬᠠᠳᠠᠭᠠᠯᠠᠬᠤ ᠲᠦᠪ ᠪᠠᠶᠢᠭᠤᠯᠤᠭᠳᠠᠪᠠ᠃ | △ᠦᠬᠠᠢ ᠬᠤᠳᠠ ᠶᠢᠨ ᠤᠯᠢᠮᠫᠢᠺ ᠶᠢᠨ ᠲᠠᠮᠢᠷ ᠤᠨ ᠲᠦᠪ ᠪᠠᠷᠢᠯᠭ᠎ᠠ ᠡᠬᠢᠯᠡᠭᠦᠯᠵᠦ᠂ ᠰᠠᠭᠤᠷᠢ ᠲᠠᠯᠪᠢᠪᠠ᠂ | ᠲᠤᠰ ᠲᠦᠪ ᠤᠨ ᠡᠵᠡᠯᠡᠬᠦ ᠭᠠᠵᠠᠷ ᠤᠨ ᠲᠠᠯᠠᠪᠠᠢ ᠨᠢ 15 ᠲᠦᠮᠡᠨ ᠲᠡᠭᠰᠢ ᠲᠦᠷᠪᠡᠯᠵᠢᠨ ᠮᠧᠲᠷ᠃ | △ᠵᠢᠶᠦ᠋ᠨ ᠵᠧᠩ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠺᠤᠮᠫᠠᠨᠢ ᠶᠢᠨ 40 ᠲᠦᠮᠡᠨ ᠲᠤᠨ | PVC ᠦᠢᠯᠡᠳᠪᠦᠷᠢᠯᠡᠬᠦ ᠲᠦᠷᠦᠯ ᠵᠦᠢᠯ ᠪᠠᠷᠢᠯᠭ᠎ᠠ ᠡᠭᠢᠯᠡᠭᠦᠯᠬᠦ ᠶᠢᠨ ᠬᠠᠮᠳᠤ ᠵᠢᠯ ᠳᠤ 40 ᠲᠦᠮᠡᠨ ᠲᠤᠨ | ᠢᠶᠤᠡ ᠤ ᠪᠦᠷᠬᠦᠪᠴᠢᠳᠦ ᠢᠳᠡᠮᠡᠬᠡᠢ ᠱᠦᠯᠲᠦ ᠦᠢᠯᠡᠳᠪᠦᠷᠢᠯᠡᠬᠦ ᠲᠦᠷᠦᠯ ᠵᠦᠢᠯ ᠬᠢᠭᠡᠳ ᠵᠢᠯ ᠳᠤ 60 ᠲᠦᠮᠡᠨ | ᠲᠤᠨ ᠴᠠᠬᠢᠯᠠᠭᠤᠷ ᠴᠢᠯᠠᠭᠤ ᠦᠢᠯᠡᠳᠪᠦᠷᠢᠯᠡᠬᠦ ᠲᠦᠷᠦᠯ ᠵᠦᠢᠯ ᠴᠦ ᠪᠠᠷᠢᠯᠭ᠎ᠠ ᠡᠭᠢᠯᠡᠬᠦᠯᠵᠡᠢ᠃ | 9 ᠰᠠᠷ᠎ᠠ ᠶᠢᠨ 6 ᠤ ᠡᠳᠦᠷ᠂ ᠦᠬᠠᠢ ᠬᠤᠳᠠ ᠬᠤᠳᠠ ᠪᠠᠶᠢᠭᠤᠯᠤᠭᠳᠠᠭᠰᠠᠨ 30 ᠵᠢᠯ ᠤᠨ ᠤᠢ ᠪᠠᠨ | ᠲᠤᠷᠠᠰᠬᠠᠬᠤ ᠬᠤᠷᠠᠯ ᠬᠢᠵᠡᠢ᠂ ᠬᠤᠷᠠᠯ ᠲᠡᠭᠡᠷ᠎ᠡ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠲᠡᠳ᠋ ᠱᠦᠵᠢ᠂ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠪᠠᠭᠠᠳᠤᠷ ᠤᠷᠤᠯᠴᠠᠵᠤ ᠶᠠᠷᠢᠶ᠎ᠠ | ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠪᠠᠶᠠᠷ ᠤᠨ ᠴᠠᠭᠢᠯᠭᠠᠨ ᠢᠷᠡᠭᠦᠯᠵᠠᠢ︔ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠭᠡᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠵᠡᠷᠭᠡ ᠪᠠᠶᠢᠭᠤᠯᠤᠯᠭ᠎ᠠ ᠶᠢᠨ ᠬᠠᠮᠢᠶᠠᠳᠠᠢ | ᠤᠳᠤᠷᠢᠳᠤᠯᠭ᠎ᠠ ᠨᠠᠷ ᠬᠤᠷᠠᠯ ᠳᠤ ᠬᠦᠷᠦᠯᠴᠡᠨ ᠢᠷᠡᠵᠦ ᠪᠠᠶᠠᠷ ᠬᠦᠷᠭᠡᠵᠤ᠂ ᠬᠠᠮᠳᠤᠪᠠᠷ ︽ᠴᠡᠯ ᠵᠠᠯᠠᠭᠤ ᠦᠬᠠᠢ︾ | ᠬᠡᠮᠡᠬᠦ ᠬᠤᠳᠠ ᠪᠠᠶᠢᠭᠤᠯᠤᠭᠳᠠᠭᠰᠠᠨ 30 ᠵᠢᠯ ᠤᠨ ᠤᠢ ᠶᠢ ᠲᠤᠷᠠᠰᠬᠠᠬᠤ ᠲᠤᠮᠤ ᠬᠡᠪᠴᠢᠶᠡᠨ ᠤ ᠤᠷᠠᠨ ᠰᠠᠶᠢᠬᠠᠨ ᠤ | ᠲᠤᠭᠯᠠᠯᠳᠠ ᠶᠢ ᠰᠤᠨᠢᠷᠬᠠᠵᠠᠢ᠃ ᠦᠳᠡᠰᠢ ᠨᠢ ᠬᠤᠳᠠ ᠪᠠᠶᠢᠭᠤᠯᠤᠭᠳᠠᠭᠰᠠᠨ 30 ᠵᠢᠯ ᠤᠨ ᠤᠢ ᠶᠢ ᠲᠤᠷᠠᠰᠬᠠᠬᠤ | ︽ᠡᠶ᠎ᠡ ᠵᠤᠬᠢᠴᠠᠩᠭᠤᠢ ᠦᠬᠠᠢ︾ ᠬᠡᠮᠡᠬᠦ ᠲᠤᠮᠤ ᠬᠡᠪᠴᠢᠶᠡᠨ ᠤ ᠤᠷᠠᠨ ᠰᠠᠶᠢᠬᠠᠨ ᠤ ᠬᠤᠧᠠᠷ ᠫᠥ᠋ᠣᠵᠢᠩ ᠤᠨ | ᠦᠳᠡᠰᠢᠯᠡᠭᠡ ᠶᠢ ᠦᠬᠠᠢ ᠬᠤᠳᠠ ᠶᠢᠨ ᠠᠷᠠᠳ ᠤᠨ ᠲᠠᠯᠠᠪᠠᠢ ᠳᠤ ᠶᠠᠪᠤᠭᠳᠠᠭᠤᠯᠵᠤ᠂ ᠬᠤᠷᠠᠯ ᠳᠤ ᠤᠷᠤᠯᠴᠠᠭᠰᠠᠨ | ᠤᠳᠤᠷᠢᠳᠤᠯᠭ᠎ᠠ ᠬᠢᠭᠡᠳ ᠵᠤᠴᠢᠳ ᠵᠢᠴᠢ ᠬᠡᠴᠢᠨᠡᠨ ᠲᠦᠮᠡᠨ ᠬᠤᠳᠠ ᠶᠢᠨ ᠠᠷᠠᠳ ᠬᠤᠧᠠᠷ ᠫᠥ᠋ᠣᠵᠢᠩ ᠰᠤᠨᠢᠷᠬᠠᠵᠠᠢ᠃ | 9 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠭᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠰᠧᠯᠢᠩ ᠬᠤᠸᠠᠩ | ᠭᠤᠤ ᠴᠧᠩ ᠬᠤᠰᠢᠭᠤᠴᠢ ᠭᠧᠨᠧᠷᠡᠯ ᠦᠬᠠᠢ ᠬᠤᠳᠠ ᠳᠤ ᠢᠷᠡᠵᠦ ᠠᠵᠢᠯ ᠪᠠᠶᠢᠴᠠᠭᠠᠵᠠᠢ᠃ | 9 ᠰᠠᠷ᠎ᠠ ᠶᠢᠨ 22 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ ᠯᠢᠶᠠᠨ ᠵᠢᠢ ᠦᠬᠠᠢ ᠳᠤ ᠢᠷᠡᠵᠦ ᠲᠤᠳᠤᠭᠠᠳᠤ ᠶᠢ ᠬᠠᠮᠠᠭᠠᠯᠠᠬᠤ ᠰᠢᠰᠲ᠋ᠧᠮ ᠤᠨ ᠰᠢᠨᠵᠢᠯᠡᠭᠡ ᠮᠡᠷᠭᠡᠵᠢᠯ | ᠢᠶᠠᠷ ᠴᠠᠭᠳᠠᠭ᠎ᠠ ᠶᠢ ᠴᠢᠬᠢᠷᠠᠭᠵᠢᠭᠤᠯᠬᠤ ᠠᠵᠢᠯ ᠳᠤ ᠪᠠᠶᠢᠴᠠᠭᠠᠯᠳᠠ ᠬᠢᠵᠡᠢ᠃ | 10 ᠰᠠᠷ᠎ᠠ ᠶᠢᠨ 13 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠲᠠᠪᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠲᠤᠮᠳᠠᠳᠤ ᠤᠯᠤᠰ ᠤᠨ ᠡᠪ | ᠬᠠᠮᠳᠤ ᠨᠠᠮ ᠤᠨ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠵᠦᠪᠯᠡᠯ ᠬᠢᠭᠡᠳ ᠲᠤᠮᠳᠠᠳᠤ ᠤᠯᠤᠰ ᠤᠨ ᠡᠪ | ᠬᠠᠮᠳᠤ ᠨᠠᠮ ᠤᠨ ᠦᠬᠠᠢ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠦᠪᠯᠡᠯ ᠰᠤᠩᠭᠤᠭᠤᠯᠢ ᠪᠠᠷ | ᠲᠤᠳᠤᠷᠠᠵᠠᠢ᠃ ᠵᠤᠤ ᠵᠦᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶᠠᠨ ᠤ | ᠱᠦᠵᠢ ᠪᠠᠷ᠂ ᠯᠢᠦ ᠪᠢᠶᠤᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠰᠠᠭᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠱᠦᠵᠢ ᠪᠠᠷ ᠲᠤᠰ ᠲᠤᠰ ᠰᠤᠩᠭᠤᠭᠳᠠᠵᠠᠢ᠃ | 10 ᠰᠠᠷ᠎ᠠ ᠶᠢᠨ 31 ᠤ ᠡᠳᠦᠷ᠂ ᠤᠯᠤᠰ ᠤᠨ ᠤᠢ ᠰᠢᠭᠤᠢ ᠶᠢᠨ ᠲᠤᠪᠴᠢᠶᠠᠨ ᠤ ᠡᠯᠡᠰᠦ ᠶᠢ ᠵᠠᠰᠠᠬᠤ | ᠠᠯᠪᠠᠨ ᠭᠡᠷ ᠤᠨ ᠡᠷᠭᠢᠯᠡᠭᠴᠢ ᠯᠢᠦ ᠲᠦᠸᠧ ᠨᠠᠷ ᠦᠬᠠᠢ ᠳᠤ ᠢᠷᠡᠵᠦ ᠬᠠᠶᠢᠷᠤᠪ ᠤᠨ ᠲᠤᠬᠤᠢ ᠶᠢᠨ ᠤᠮᠠᠷᠠᠳᠤ | ᠲᠡᠭᠦᠷᠭᠡ ᠶᠢᠨ ᠠᠮᠢ ᠠᠬᠤᠢ ᠶᠢᠨ ᠤᠢ ᠶᠢᠨ ᠲᠦᠷᠦᠯ ᠵᠦᠢᠯ ᠤᠨ ᠤᠷᠤᠨ ᠪᠠ ᠵᠡᠬᠦᠨ ᠠᠭᠤᠯᠠᠨ ᠤ ᠠᠮᠢ ᠠᠬᠤᠢ ᠶᠢᠨ | ᠬᠦᠷᠢᠶᠡᠯᠡᠩ᠂ ᠴᠠᠭᠠᠨᠳᠤᠭᠤᠢ ᠲᠤᠬᠤᠢ ᠶᠢᠨ ᠡᠯᠡᠰᠦᠷᠭᠡᠭ ᠭᠠᠵᠠᠷ ᠢ ᠵᠠᠰᠠᠨ ᠴᠡᠭᠴᠡᠯᠡᠬᠦ ᠲᠦᠷᠦᠯ ᠵᠦᠢᠯ ᠤᠨ ᠤᠷᠤᠨ | ᠵᠡᠷᠭᠡ ᠭᠠᠵᠠᠷ ᠢᠶᠠᠷ ᠲᠤᠭᠤᠷᠢᠨ ᠪᠠᠶᠢᠴᠠᠭᠠᠵᠤ᠂ ᠦᠬᠠᠢ ᠬᠤᠳᠠ ᠶᠢᠨ ᠡᠯᠡᠰᠦ ᠰᠡᠷᠭᠡᠶᠢᠯᠡᠨ ᠵᠠᠰᠠᠬᠤ ᠠᠵᠢᠯ ᠤᠨ | ᠮᠡᠳᠡᠭᠦᠯᠦᠯᠳᠡ ᠶᠢ ᠰᠤᠨᠤᠰᠴᠠᠢ᠃ | 11 ᠰᠠᠷ᠎ᠠ ᠶᠢᠨ 2 ~ 3 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠱᠦᠵᠢ ᠴᠦᠪ ᠦᠬᠠᠢ ᠬᠤᠳᠠ ᠳᠤ ᠪᠠᠶᠢᠴᠠᠭᠠᠯᠳᠠ ᠬᠢᠭᠦ ᠪᠠᠷ ᠢᠷᠡᠵᠦ᠂ ᠦᠬᠠᠢ ᠬᠤᠳᠠ ᠶᠢᠨ ︽ᠠᠷᠪᠠᠨ | ᠨᠢᠭᠡᠳᠦᠭᠡᠷ ᠲᠠᠪᠤᠨ ᠵᠢᠯ︾ ᠤᠨ ᠬᠦᠭᠵᠢᠯᠳᠡ ᠳᠤ ︽ᠬᠤᠶᠠᠷ ᠢ ᠪᠠᠷᠢᠮᠳᠠᠯᠠᠬᠤ︾ ᠪᠠ ︽ᠬᠤᠶᠠᠷ ᠢ ᠲᠤᠪᠤᠶᠢᠯᠠᠭᠠᠬᠤ︾ | ᠱᠠᠭᠠᠷᠳᠠᠯᠭ᠎ᠠ ᠶᠢ ᠲᠤᠷᠠᠳᠴᠠᠢ᠂ ᠲᠠᠷᠤᠢ᠄ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠠᠷ ᠭᠤᠤᠯ ᠪᠤᠯᠭᠠᠬᠤ ᠪᠠ | ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠨ᠎ᠠ᠃ ᠬᠦᠭᠵᠢᠯᠳᠡ ᠶᠢ ᠲᠤᠪᠤᠶᠢᠯᠭᠠᠬᠤ ᠪᠠ ᠤᠯᠠᠨ ᠲᠦᠮᠡᠨ ᠤ | ᠤᠷᠤᠯᠭ᠎ᠠ ᠶᠢᠨ ᠲᠦᠪᠰᠢᠨ ᠢ ᠲᠤᠪᠤᠶᠢᠯᠠᠭᠠᠨᠠ᠃ ᠪᠠᠰᠠ ᠤᠳᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ | ᠵᠢᠶᠦ᠋ᠨ ᠵᠧᠩ ᠰᠢᠨᠵᠢᠯᠡᠭᠡ ᠮᠡᠷᠭᠡᠵᠢᠯ ᠤᠨ ᠦᠢᠯᠡᠳᠪᠦᠷᠢᠯᠡᠯ ᠤᠨ ᠪᠦᠯᠦᠭᠯᠡᠯᠳᠦ ᠺᠤᠮᠫᠠᠨᠢ ᠶᠢᠨ PVC ᠲᠦᠷᠦᠯ | ᠵᠦᠢᠯ ᠤᠨ ᠪᠠᠶᠢᠭᠤᠯᠤᠯᠳᠠ ᠶᠢᠨ ᠪᠠᠷᠢᠯᠭ᠎ᠠ ᠶᠢᠨ ᠭᠠᠵᠠᠷ᠂ ᠪᠢᠨ ᠾᠧ ᠰᠢᠨ᠎ᠡ ᠲᠤᠭᠤᠷᠢᠭ ᠤᠨ ᠭᠤᠤᠯᠳᠠᠯᠭᠠᠳᠤ | ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠤᠳ ᠢᠶᠠᠷ ᠲᠤᠭᠤᠷᠢᠨ ᠪᠠᠶᠢᠴᠠᠭᠠᠵᠠᠢ᠃ | 11 ᠰᠠᠷ᠎ᠠ ᠶᠢᠨ 11 ᠤ ᠡᠳᠦᠷ᠂ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠶᠠᠮᠤᠨ ᠤ | ᠦᠢᠯᠡᠳᠪᠦᠷᠢᠯᠡᠯ ᠤᠨ ᠲᠦᠷᠦ ᠶᠢᠨ ᠪᠤᠳᠤᠯᠭ᠎ᠠ ᠶᠢᠨ ᠵᠤᠷᠭᠠᠨ ᠤ ᠲᠡᠳ᠋ ᠲᠠᠷᠤᠭ᠎ᠠ ᠾᠸᠦ ᠱᠢ ᠬᠦᠸᠧ ᠨᠠᠢᠮᠠᠨ ᠮᠤᠵᠢ | ᠤᠷᠤᠨ ᠤ ︽ᠠᠵᠢᠯ ᠳᠦᠷᠣᠯ ᠳᠤ ᠤᠷᠤᠬᠤ ᠬᠠᠮᠢᠶᠠᠷᠤᠯᠳᠠ ᠪᠠᠨ ᠴᠢᠩᠭᠠᠳᠬᠠᠵᠤ᠂ ᠪᠦᠳᠦᠴᠡ ᠶᠢᠨ ᠲᠤᠬᠢᠷᠠᠭᠤᠯᠤᠯᠳᠠ | ᠶᠢ ᠲᠦᠯᠭᠢᠨ ᠠᠭᠢᠭᠤᠯᠬᠤ︾ ᠲᠤᠬᠠᠢ ᠶᠢᠨ ᠲᠠᠯᠠᠪᠤᠷ ᠤᠨ ᠰᠠᠭᠤᠳᠠᠯ ᠤᠨ ᠬᠤᠷᠠᠯ ᠤᠨ ᠲᠦᠯᠦᠭᠡᠯᠡᠭᠴᠢᠳ ᠤᠨ | ᠪᠦᠯᠭᠦᠮ ᠢ ᠲᠠᠭᠠᠭᠤᠯᠵᠤ ᠦᠬᠠᠢ ᠬᠤᠳᠠ ᠳᠤ ᠢᠷᠡᠵᠦ᠂ ᠵᠢᠶᠦ᠋ᠨ ᠵᠧᠩ ᠰᠢᠨᠵᠢᠯᠡᠭᠡ ᠮᠡᠷᠭᠡᠵᠢᠯ ᠤᠨ ᠦᠢᠯᠡᠳᠪᠦᠷᠢᠯᠡᠯ | ᠤᠨ ᠪᠦᠯᠦᠭᠯᠡᠯ᠂ ᠱᠧᠨ ᠬᠤᠸᠠ ᠦᠬᠠᠢ ᠶᠢᠨ ᠨᠡᠭᠦᠷᠡᠰᠦ ᠬᠡᠦᠷᠡᠰᠦᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ | ᠬᠢᠭᠡᠳ ᠬᠠᠢ ᠵᠢᠢ ᠾᠧᠯᠦᠷᠳᠦ ᠱᠦᠯᠳᠦ ᠬᠢᠮᠢ ᠶᠢᠨ ᠬᠢᠵᠠᠭᠠᠷᠳᠤ ᠺᠤᠮᠫᠠᠨᠢ ᠵᠡᠷᠭᠡ ᠠᠵᠤ ᠠᠬᠤᠶᠢᠯᠠᠯ ᠤᠳ ᠢᠶᠠᠷ | ᠪᠠᠶᠢᠴᠠᠭᠠᠯᠳᠠ ᠬᠢᠵᠦ᠂ ᠡᠯ᠎ᠡ ᠠᠵᠤ ᠠᠬᠤᠶᠢᠯᠠᠯ ᠤᠨ ᠦᠢᠯᠡᠳᠪᠦᠷᠢ ᠶᠢᠨ ᠭᠢᠨᠵᠢ ᠪᠠᠨ ᠤᠷᠳᠦᠰᠬᠠᠬᠤ᠂ ᠦᠢᠯᠡᠳᠪᠦᠷᠢ | ᠶᠢᠨ ᠲᠡᠰ ᠲᠠᠪᠬᠤᠷᠭ᠎ᠠ ᠪᠠᠨ ᠲᠡᠭᠡᠭᠰᠢᠯᠡᠬᠦᠯᠭᠦ᠂ ᠤᠷᠴᠢᠯᠳᠤ ᠠᠵᠤ ᠠᠬᠤᠢ ᠪᠠᠨ ᠬᠦᠭᠵᠢᠭᠦᠯᠭᠦ ᠵᠡᠷᠭᠡ ᠪᠤᠳᠠᠳᠠᠢ | ᠪᠠᠶᠢᠳᠠᠯ ᠤᠳ ᠢ ᠤᠶᠢᠯᠠᠭᠠᠵᠠᠢ᠃ | 11 ᠰᠠᠷ᠎ᠠ ᠳᠤ᠂ ᠦᠪᠦᠷ ᠮᠤᠩᠭᠤᠯ ᠤᠨ ᠪᠠᠷᠠᠭᠤᠨ ᠤᠷᠠᠨ ᠲᠦᠰᠢ ᠶᠢᠨ ᠦᠢᠯᠡᠰ ᠪᠦᠳᠦᠭᠡᠬᠦ ᠬᠤᠪᠢ | ᠤᠷᠤᠭᠤᠯᠤᠭᠰᠠᠨ ᠬᠢᠵᠠᠭᠠᠷᠳᠤ ᠺᠤᠮᠫᠠᠨᠢ ᠨᠢ ᠦᠪᠦᠷ ᠮᠤᠩᠭᠤᠯ ᠤᠨ ︽ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | 50 ᠬᠦᠴᠦᠷᠭᠡᠭ ᠠᠵᠤ ᠠᠬᠤᠶᠢᠯᠠᠯ︾ ᠢᠶᠠᠷ ᠦᠨᠡᠯᠡᠭᠳᠡᠵᠡᠢ᠃ | 12 ᠰᠠᠷ᠎ᠠ ᠶᠢᠨ 4 ᠤ ᠡᠳᠦᠷ᠂ ᠱᠧᠨ ᠬᠤᠸᠠ ᠪᠦᠯᠦᠭᠯᠡᠯ ᠤᠨ ᠲᠡᠳ᠋ ᠭᠡᠷᠡᠭ ᠮᠡᠳᠡᠭᠴᠢ᠂ ᠨᠠᠮ ᠤᠨ | ᠲᠤᠭᠤᠶᠢᠯᠠᠩ ᠤᠨ ᠲᠡᠳ᠋ ᠱᠦᠵᠢ ᠶᠦᠨ ᠬᠦᠩ ᠮᠢᠨ ᠦᠬᠠᠢ ᠬᠤᠳᠠ ᠳᠤ ᠢᠷᠡᠵᠦ ᠦᠬᠠᠢ ᠬᠤᠳᠠ ᠵᠢᠴᠢ ᠱᠧᠨ | ᠬᠤᠸᠠ ᠪᠦᠯᠦᠭᠯᠡᠯ ᠤᠨ ᠬᠠᠷᠢᠶᠠᠳᠤ ᠺᠤᠮᠫᠠᠨᠢ ᠨᠤᠭᠤᠳ ᠢᠶᠠᠷ ᠲᠤᠭᠤᠷᠢᠨ ᠪᠠᠶᠢᠴᠠᠭᠠᠵᠠᠢ᠃ | 12 ᠰᠠᠷ᠎ᠠ ᠶᠢᠨ 10 ᠤ ᠡᠳᠦᠷ᠂ ᠦᠪᠦᠷ ᠮᠤᠩᠭᠤᠯ ᠤᠨ ᠢ ᠬᠠᠢ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠲᠠᠭᠠᠭᠠᠴᠢᠯᠠᠭᠰᠠᠨ ᠵᠢᠯ ᠳᠤ 5 ᠲᠦᠮᠡᠨ ᠲᠤᠨ ᠤᠷᠴᠢᠨ ᠠᠬᠤᠢ ᠶᠢ | ᠬᠠᠮᠠᠭᠠᠯᠠᠬᠤ ᠡᡁᠯᠣᠷᠳᠤ ᠴᠢᠯᠠᠭᠤᠨ ᠯᠡ — 70 ᠶᠢᠨ ᠲᠦᠷᠦᠯ ᠵᠦᠢᠯ ᠢ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠠᠴᠠ ᠨᠤᠳᠠᠯᠠᠯᠳᠠ ᠬᠢᠵᠦ᠂ 2007 | ᠤᠨ ᠤ ᠤᠯᠤᠰ ᠤᠨ ᠲᠡᠰ ᠤᠨ ᠭᠠᠯ ᠪᠠᠮᠪᠠᠷ ᠤᠨ ᠲᠦᠯᠦᠪᠯᠡᠭᠡ ᠳᠤ ᠨᠡᠷ᠎ᠡ ᠮᠡᠳᠡᠭᠦᠯᠵᠦ ᠪᠤᠯᠬᠤ ᠶᠢ ᠮᠡᠷᠭᠡᠵᠢᠯᠳᠡᠳ | ᠴᠤᠭᠭᠠᠷ ᠵᠦᠪᠰᠢᠶᠡᠷᠡᠵᠡᠢ᠃ | |