11 ᠰᠠᠷ᠎ᠠ ᠶᠢᠨ 6 ᠤ ᠡᠳᠦᠷ᠂ 21 ᠳ᠋ᠣᠭᠡᠷ ᠳᠤᠮᠳᠠᠳᠤ ᠤᠯᠤᠰ ᠤᠨ ᠰᠣᠷᠪᠣᠯᠵᠢᠯᠠᠭᠴᠢᠳ ᠤᠨ ᠪᠠᠶᠠᠷ ᠢ | ᠪᠡᠯᠭᠡᠯᠡᠬᠦ ᠵᠢᠴᠢ ᠦᠬᠠᠶ ᠬᠤᠲᠠ ᠶᠢᠨ ᠠᠩᠬᠠᠳᠤᠭᠠᠷ ᠬᠤᠭᠤᠴᠠᠭᠠᠨ ᠤ ᠰᠢᠨ᠎ᠡ ᠵᠠᠭᠤᠴᠢᠯᠠᠭᠤᠷ ᠤᠨ ᠶᠡᠭᠡ ᠬᠤᠷᠠᠯ | ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ | ᠵᠥᠩ ᠱᠧᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠵᠢᠶ ᠭᠤᠤ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ ᠬᠤᠷᠠᠯ ᠳᠤ ᠣᠷᠣᠯᠴᠠᠪᠠ᠃ | ᠰᠣ᠋ ᠵᠦᠩ ᠱᠧᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠡᠨᠡ ᠵᠢᠯ ᠠᠴᠠ ᠨᠠᠰᠢ᠂ ᠪᠦᠬᠦ ᠬᠤᠲᠠ ᠶᠢᠨ | ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠤᠬᠠᠭᠤᠯᠬᠤ ᠪᠠᠷ | ᠭᠤᠤᠯ ᠰᠢᠵᠢᠮ ᠪᠣᠯᠭᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠪᠦᠬᠦ | ᠲᠠᠯ᠎ᠠ ᠪᠠᠷ ᠣᠨᠣᠪᠴᠢᠲᠠᠶ ᠲᠠᠶᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ | ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠠᠭ ᠲᠤᠬᠠᠶ ᠳᠤᠨᠢ ᠤᠬᠠᠭᠤᠯᠤᠨ | ᠮᠡᠳᠡᠭᠡᠯᠡᠵᠦ᠂ ᠤᠷᠢᠳ ᠬᠤᠵᠢᠳ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ | ᠣᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠵᠡᠷᠭᠡ ᠠᠯᠢ ᠣᠯᠠᠨ ᠴᠢᠬᠤᠯᠠ ᠶᠡᠭᠡ ᠭᠤᠤᠯ | ᠰᠡᠳᠦᠪᠲᠦ ᠤᠬᠠᠭᠤᠯᠭ᠎ᠠ ᠶᠢᠨ ᠳᠠᠶᠢᠯᠠᠯᠳᠤᠭᠠᠨ ᠢ ᠦᠷᠨᠢᠬᠦᠯᠪᠡ᠃ ᠪᠢᠷ ᠴᠠᠭᠠᠰᠣ ᠪᠠ ᠺᠠᠮᠧᠷᠠ ᠢ ᠠᠰᠢᠭᠯᠠᠵᠤ᠂ | ᠰᠡᠳᠬᠢᠯ ᠬᠥᠳᠡᠯᠭᠡᠮ᠎ᠡ ᠮᠡᠳᠡᠭᠡᠯᠡᠯ ᠢ ᠦᠯᠡᠮᠵᠢ ᠣᠯᠠᠨ ᠴᠤᠭᠯᠠᠭᠤᠯᠤᠨ ᠪᠢᠴᠢᠵᠦ᠂ ᠢᠲᠡᠭᠡᠯ ᠵᠣᠷᠢᠭ ᠢᠶᠠᠨ ᠬᠥᠪᠴᠢᠯᠡᠨ | ᠂ ᠬᠥᠮᠦᠨ ᠤ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠰᠡᠳᠭᠢᠯ ᠢ ᠨᠢᠭᠲᠠᠷᠠᠭᠤᠯᠬᠤ ᠴᠢᠬᠤᠯᠠ ᠦᠢᠯᠡᠳᠦᠯ ᠢ | ᠪᠠᠳᠠᠷᠠᠭᠤᠯᠵᠠᠶ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠠᠮᠵᠢᠯᠠᠯᠲᠤ ᠵᠠᠭᠤᠴᠢᠯᠠᠭᠤᠷ ᠪᠣᠯᠤᠨ | ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠴᠢᠬᠤᠯᠠᠴᠢᠯᠠᠵᠤ᠂ ᠰᠢᠨ᠎ᠡ ᠵᠠᠭᠤᠴᠢᠯᠠᠭᠤᠷ ᠤᠨ | ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠭᠤᠯᠭ᠎ᠠ ᠶᠢᠨ ᠰᠢᠨ᠎ᠡ ᠡᠭᠦᠳᠦᠯᠳᠡ᠂ ᠬᠠᠮ | ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠨᠢᠭᠡ | ᠪᠦᠯᠦᠭ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠰᠢᠨ᠎ᠡ ᠵᠠᠭᠤᠴᠢᠯᠠᠭᠤᠷ ᠤᠨ ᠨᠡᠷᠡᠲᠦ ᠲᠡᠮᠳᠡᠭ ᠴᠣᠯᠭᠤᠷᠠᠨ | ᠭᠠᠷᠴᠤ᠂ ᠮᠠᠨ ᠤ ᠬᠤᠲᠠ ᠶᠢᠨ ᠭᠠᠳᠠᠭᠠᠳᠤ ᠤᠬᠠᠭᠤᠯᠭ᠎ᠠ ᠶᠢᠨ ᠴᠢᠬᠤᠯᠠ ᠴᠣᠩᠬᠤᠪᠴᠢ ᠪᠣᠯᠪᠠ᠃ ᠡᠨᠡ ᠵᠢᠯ ᠪᠣᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠂ ︽ᠬᠤᠣᠰ | ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡ ᠶᠢᠨ ᠠᠭᠤᠯᠵᠠᠷ ᠵᠢᠯ ᠮᠥᠨ᠃ ᠪᠦᠬᠦ ᠬᠤᠲᠠ ᠶᠢᠨ | ᠡᠯ᠎ᠡ ᠲᠥᠷᠥᠯ ᠤᠨ ᠵᠠᠭᠤᠴᠢᠯᠠᠭᠤᠷ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠬᠦᠴᠢᠷ ᠢ ᠠᠮᠰᠠᠵᠤ ᠴᠢᠳᠠᠬᠤ | ᠂ ᠪᠠᠶᠢᠯᠳᠤᠭᠠᠨ ᠬᠢᠵᠦ ᠴᠢᠳᠠᠬᠤ ᠠᠵᠢᠯ ᠤᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠰᠣᠨᠢᠨ | ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠭᠤᠤᠯ | ᠬᠥᠭ ᠠᠶᠠᠰ ᠢ ᠴᠤᠤᠷᠢᠶᠠᠲᠤᠭᠤᠯᠵᠤ᠂ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ ᠨᠠᠮ ᠤᠨ ᠳᠠᠭᠤᠨ ᠪᠠ ᠭᠤᠤᠯ | ᠤᠷᠤᠰᠬᠠᠯ ᠤᠨ ᠥᠷᠲᠡᠭ ᠢ ᠨᠡᠩ ᠴᠢᠯᠥᠭᠡᠲᠡᠶ ᠨᠡᠩ ᠥᠷᠭᠡᠨ᠂ ᠨᠡᠩ ᠭᠦᠨᠵᠡᠭᠡᠶ ᠳᠠᠮᠵᠢᠭᠤᠯᠵᠤ᠂ ︽ᠦᠵᠡᠰᠬᠦᠯᠡᠩᠲᠦ | ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ | ᠲᠡᠷᠭᠡᠯᠰᠢᠭᠦᠯᠬᠦ︾ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ | ᠶᠢ ᠬᠦᠰᠡᠵᠦ ᠪᠠᠶᠢᠨ᠎ᠠ ᠬᠡᠵᠡᠢ᠃ | ᠶᠡᠭᠡ ᠬᠤᠷᠠᠯ ᠠᠴᠠ 2019 — 2020 ᠣᠨ ᠤ ᠬᠤᠲᠠ ᠶᠢᠨ ᠬᠠᠷᠢᠶ᠎ᠠ ᠡᠯ᠎ᠡ ᠵᠠᠭᠤᠴᠢᠯᠠᠭᠤᠷ ᠤᠨ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠳᠤ ᠢᠷᠠᠭᠤ ᠠᠯᠳᠠᠷ ᠣᠯᠤᠭᠰᠠᠨ ᠪᠠᠶᠢᠳᠠᠯ ᠢ | ᠵᠠᠷᠯᠠᠨ ᠮᠡᠳᠡᠭᠳᠡᠪᠡ︔ ᠮᠠᠨ ᠤ ᠬᠤᠲᠠ ᠶᠢᠨ 2020 ᠣᠨ ᠤ ︽ᠰᠢᠯᠢᠳᠡᠭ ᠰᠣᠨᠢᠨ ᠮᠡᠳᠡᠭᠡᠨ ᠤ ᠠᠵᠢᠯᠲᠠᠨ︾ ︽ | ᠰᠢᠯᠢᠳᠡᠭ ᠰᠦᠯᠵᠢᠶᠡᠨ ᠤ ᠪᠤᠯᠪᠠᠰᠣᠨ ᠤ ᠳᠠᠮᠵᠢᠭᠤᠯᠭ᠎ᠠ ᠶᠢᠨ ᠰᠠᠶᠢᠨ ᠳᠤᠷᠠᠴᠤᠳ︾ ︽ᠬᠠᠮᠤᠭ ᠤᠨ ᠨᠥᠯᠥᠭᠡᠯᠡᠬᠦ | ᠬᠦᠴᠦᠨ ᠲᠠᠢ ᠸᠢᠴᠠᠲ ᠤᠨ ᠳᠠᠩᠰᠠᠨ ᠨᠣᠮᠧᠷ︾ ︽ᠬᠠᠮᠤᠭ ᠤᠨ ᠨᠥᠯᠥᠭᠡᠯᠡᠬᠦ ᠬᠦᠴᠦᠨ ᠲᠠᠢ ᠪᠢᠴᠢᠯ ᠪᠦᠷᠭᠡ ᠶᠢᠨ | ᠳᠠᠩᠰᠠᠨ ᠨᠣᠮᠧᠷ︾ ︽ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠲᠢᠺ ᠲᠤᠺ ᠤᠨ ᠳᠠᠩᠰᠠᠨ ᠨᠣᠮᠧᠷ︾ ︽ | ᠰᠦᠯᠵᠢᠶᠡᠨ ᠠᠨᠳᠠ ᠨᠠᠷ ᠤᠨ ᠬᠠᠮᠤᠭ ᠤᠨ ᠳᠤᠷᠠᠲᠠᠶ ᠰᠢᠨ᠎ᠡ ᠵᠠᠭᠤᠴᠢᠯᠠᠭᠤᠷ ᠤᠨ ᠪᠦᠲᠦᠭᠡᠯ︾ ︽ᠰᠦᠯᠵᠢᠶᠡᠨ ᠤ | ᠤᠬᠠᠭᠤᠯᠭ᠎ᠠ ᠶᠢᠨ ᠲᠡᠷᠢᠭᠦᠨ ᠤ ᠨᠢᠭᠡᠴᠡ︾ ᠵᠡᠷᠭᠡ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠥᠮᠦᠨ ᠢ | ᠬᠥᠬᠢᠭᠦᠯᠦᠨ ᠰᠠᠶᠢᠰᠢᠶᠠᠪᠠ᠃ |