ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠤᠬᠠᠶ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/1
     ᠣᠶᠢᠷ᠎ᠠ ᠳᠤ᠂ ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠤᠬᠠᠶ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠵᠦ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠠᠮ ᠤᠨ ᠭᠠᠳᠠᠨᠠᠬᠢ ᠬᠥᠮᠦᠰ᠂ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠰᠣᠨᠣᠰᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠰᠡᠳᠬᠢᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠦᠢᠯᠡᠰ ᠤᠨ ᠰᠠᠶᠢᠨ ᠪᠥᠭᠡᠳ ᠲᠦᠷᠭᠡᠨ ᠬᠥᠭᠵᠢᠬᠦ ᠶᠢ ᠲᠦᠯᠬᠢᠨ ᠠᠬᠢᠭᠤᠯᠬᠤ ᠳᠤ ᠡᠭᠦᠳᠡ ᠪᠠᠨ ᠨᠡᠭᠡᠭᠡᠵᠦ ᠪᠤᠲᠤᠯᠭ᠎ᠠ ᠠᠰᠠᠭᠤᠨ᠂ ᠣᠯᠠᠨ ᠤ ᠤᠬᠠᠭᠠᠨ ᠢ ᠲᠥᠪᠯᠡᠷᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ ᠬᠤᠷᠠᠯ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠳᠡᠳ᠋ ᠬᠤᠲᠠ ᠶᠢᠨ ᠳᠠᠷᠤᠭ᠎ᠠ ᠯᠢ ᠴᠦᠨ ᠰᠢᠶᠣᠤ ᠬᠤᠷᠠᠯ ᠳᠤ ᠣᠷᠣᠯᠴᠠᠪᠠ᠃      ᠬᠤᠷᠠᠯ ᠠᠴᠠ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ  ᠨᠠᠶᠢᠷᠠᠭᠤᠯᠤᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠨ 15 ᠲᠥᠯᠥᠭᠡᠯᠡᠭᠴᠢ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠬᠦ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ᠂ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠲᠣᠰ ᠲᠣᠰ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃      ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠱᠢ ᠸᠠᠨ ᠵᠢᠶᠦ᠋ᠨ ᠬᠡᠯᠡᠭᠰᠡᠨ ᠨᠢ᠂ ᠣᠯᠠᠨ ᠤ ᠰᠠᠨᠠᠯ ᠪᠣᠯᠤᠨ ᠰᠠᠨᠠᠭᠤᠯᠭ᠎ᠠ ᠤᠯᠤᠰ ᠲᠥᠷᠥ ᠶᠢᠨ ᠵᠣᠭᠰᠣᠴᠠ ᠦᠨᠳᠦᠷ᠂ ᠪᠣᠳᠣᠯᠬᠢᠯᠠᠯ ᠭᠦᠨᠴᠡ ᠲᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠳᠤ ᠨᠡᠶᠢᠴᠡᠵᠦ᠂ ᠦᠬᠠᠶ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠤᠬᠢᠶᠠᠬᠤ ᠳᠤ ᠮᠠᠰᠢ ᠴᠢᠩᠭ᠎ᠠ ᠲᠣᠯᠢᠯᠠᠬᠤ ᠠᠴᠢ ᠬᠤᠯᠪᠣᠭᠳᠠᠯ ᠪᠠ ᠯᠠᠪᠯᠠᠯᠲᠠ ᠶᠢᠨ ᠦᠨ᠎ᠡ ᠥᠷᠲᠡᠭ ᠲᠠᠢ ᠶᠤᠮ᠃ ᠣᠯᠠᠨ ᠢᠶᠠᠷ ᠢᠶᠠᠨ ᠮᠠᠨ ᠤ ᠬᠤᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠠᠩᠬᠠᠷᠴᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠢ ᠬᠡᠷᠡᠭᠵᠢᠬᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠤᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠬᠤ ᠪᠥᠭᠡᠳ ᠪᠠᠰᠠ ᠴᠤ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠦᠭᠵᠢᠯᠳᠡ ᠶᠢ ᠪᠡᠶᠡᠯᠡᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠰᠤᠳᠤᠯᠤᠨ ᠨᠠᠶᠢᠷᠠᠭᠤᠯᠬᠤ ᠨᠢ ᠮᠠᠨ ᠤ ᠬᠤᠳᠠ ᠶᠢᠨ ᠬᠤᠶᠢᠰᠢᠳᠠ ᠶᠢᠨ ᠲᠠᠪᠤᠨ ᠵᠢᠯ ᠴᠢᠨᠠᠭᠰᠢᠯᠠᠪᠠᠯ ᠨᠠᠩ ᠤᠷᠲᠤ ᠬᠤᠭᠤᠴᠠᠭᠠᠨ ᠤ ᠠᠵᠢᠯ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠣᠭᠠᠷ ᠪᠥᠬᠦᠳᠡ ᠬᠤᠷᠠᠯ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠥᠬᠦ ᠲᠠᠯ᠎ᠠ ᠪᠠᠷ ᠬᠠᠨᠲᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ ᠬᠦᠭᠵᠢᠯᠳᠡ ᠳᠤ ᠦᠢᠯᠡᠴᠢᠯᠡᠬᠦ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠠᠨ ᠤ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠳᠡᠢ᠃ ᠥᠷᠭᠡᠨ ᠢᠶᠠᠷ ᠰᠠᠨᠠᠯ ᠪᠠ ᠰᠠᠨᠠᠭᠤᠯᠭ᠎ᠠ ᠬᠤᠷᠢᠶᠠᠵᠤ᠂ ᠨᠡᠶᠢᠭᠡᠮ ᠤᠨ ᠬᠦᠰᠡᠯ ᠡᠷᠡᠮᠡᠯᠵᠡᠯ᠂ ᠣᠯᠠᠨ ᠲᠦᠮᠡᠨ ᠤ ᠣᠶᠤᠨ ᠤᠬᠠᠭᠠᠨ᠂ ᠲᠤᠰᠬᠠᠶ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ ᠲᠤᠷᠰᠢᠯᠭ᠎ᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠦᠨᠡᠨᠬᠦ ᠣᠷᠣᠭᠤᠯᠵᠤ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠦᠬᠦ ᠬᠤᠲᠠ ᠶᠢᠨ ᠬᠦᠴᠦᠨ ᠢᠶᠠᠷ ᠦᠬᠠᠶ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号