ᠪᠢᠨ ᠾᠧ ᠶᠢᠨ ᠬᠤᠲᠠ ᠶᠢᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠭᠢᠨ ᠲᠤᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2020/12/10
     ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠦᠯᠦᠭᠡ᠂ 11 ᠰᠠᠷ᠎ᠠ ᠠᠴᠠ ᠡᠬᠢᠯᠡᠨ᠂ ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠪᠢᠨ ᠾᠧ ᠶᠢᠨ ᠬᠤᠪᠢᠶᠠᠷᠢ ᠲᠣᠪᠴᠢᠶ᠎ᠠ ᠰᠥᠨᠢ ᠶᠢᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃      ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠮ ᠡᠵᠡᠯᠡᠨ ᠡᠵᠡᠩᠨᠡᠬᠦ ᠠᠵᠢᠯᠯᠠᠭ᠎ᠠ ᠳᠤ ᠴᠢᠭᠯᠡᠭᠦᠯᠦᠨ ᠂ ᠪᠢᠨ ᠾᠧ ᠶᠢᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶ᠎ᠠ ᠰᠥᠨᠢ ᠶᠢᠨ ᠲᠣᠭᠤᠷᠢᠨ ᠪᠠᠶᠢᠴᠠᠭᠠᠬᠤ ᠬᠠᠮᠢᠶᠠᠷᠣᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠮ ᠡᠵᠡᠯᠡᠨ ᠡᠵᠡᠩᠨᠡᠬᠦ ᠶᠢ ᠴᠢᠩᠭ᠎ᠠ ᠴᠠᠭᠠᠵᠠᠯᠠᠵᠤ᠂ ᠵᠠᠳᠠᠭᠠᠶ ᠪᠤᠯᠭᠤᠭᠰᠠᠨ ᠢᠳᠡᠭᠡᠨ ᠤ ᠬᠤᠳᠠᠯᠳᠤᠭᠠᠴᠢᠨ ᠢ ᠭᠤᠤᠯᠳᠠᠯᠭ᠎ᠠ ᠲᠠᠢ ᠴᠡᠪᠡᠷᠯᠡᠨ ᠠᠷᠢᠯᠭᠠᠪᠠ᠃ ᠣᠳᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 315 ᠶᠠᠪᠤᠭᠤᠯ ᠬᠤᠳᠠᠯᠳᠤᠭᠠᠴᠢᠨ ᠢ ᠴᠡᠭᠴᠡᠯᠡᠨ ᠵᠠᠰᠠᠵᠤ ᠴᠡᠪᠡᠷᠯᠡᠵᠦ᠂ 236 ᠬᠤᠳᠠᠯᠳᠤᠭᠠᠴᠢᠨ ᠢ ᠰᠤᠷᠭᠠᠨ ᠬᠥᠮᠦᠵᠢᠭᠦᠯᠵᠦ᠂ 3 ᠲᠡᠷᠭᠡ ᠬᠤᠭ ᠨᠣᠪᠰᠢ ᠴᠡᠪᠡᠷᠯᠡᠪᠡ᠃      ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠳ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠳᠤ ᠵᠢᠷᠣᠮᠵᠢᠭᠤᠯᠤᠨ ᠲᠡᠷᠭᠡ ᠵᠣᠭᠰᠣᠭᠠᠬᠤ ᠶᠢ ᠢᠳᠡᠪᠬᠢᠲᠡᠶ ᠬᠥᠲᠥᠯᠥᠨ ᠵᠢᠯᠣᠭᠤᠳᠴᠣ᠂ ᠲᠡᠷᠭᠡ ᠬᠥᠰᠬᠡ ᠶᠠᠪᠠᠭᠠᠨ ᠬᠥᠮᠦᠨ ᠤ ᠵᠠᠮ ᠢ ᠡᠵᠡᠯᠡᠬᠦ ᠪᠠ ᠰᠣᠬᠤᠷ ᠬᠥᠮᠦᠨ ᠤ ᠵᠠᠮ ᠳᠤ ᠵᠣᠭᠰᠣᠭᠠᠬᠤ ᠶᠢ ᠴᠢᠩᠭ᠎ᠠ ᠴᠠᠭᠠᠵᠠᠯᠠᠵᠤ᠂ ᠮᠠᠰᠢᠨᠲᠤ ᠪᠤᠰᠤ ᠲᠡᠷᠭᠡ ᠵᠣᠭᠰᠣᠬᠤ ᠡᠮᠬᠢ ᠳᠢᠭᠯᠢᠮ ᠢ ᠬᠠᠮᠠᠭᠠᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢᠶᠠᠷ ᠨᠡᠪᠲᠡᠷᠡᠬᠦ ᠶᠢ ᠦᠨᠡᠨ ᠬᠦ ᠪᠠᠲᠤᠯᠠᠪᠡ︔ ᠮᠠᠰᠢᠨᠲᠤ ᠪᠤᠰᠤ ᠲᠡᠷᠭᠡ᠂ ᠢᠯᠠᠩᠭᠤᠶ᠎ᠠ ᠬᠠᠮᠲᠤ ᠪᠠᠷ ᠡᠳ᠋ᠯᠡᠬᠦ ᠳᠤᠭᠤᠶ ᠲᠡᠷᠭᠡ ᠵᠣᠭᠰᠣᠬᠤ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠪᠡ︔ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠤᠭ ᠨᠣᠪᠰᠢ ᠬᠠᠶᠠᠬᠤ᠂ ᠵᠦᠯᠭᠡ ᠭᠠᠵᠠᠷ ᠢ ᠭᠢᠰᠬᠢᠬᠦ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠰᠤᠷᠭᠠᠭᠤᠯᠢ ᠶᠢᠨ ᠬᠦᠷᠢᠶᠡᠨ ᠤ ᠴᠡᠪᠡᠷ ᠲᠡᠭᠰᠢ ᠣᠷᠴᠢᠨ ᠲᠣᠭᠤᠷᠢᠨ ᠢ ᠴᠢᠷᠮᠠᠶᠢᠨ ᠪᠤᠢ ᠪᠤᠯᠭᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号