ᠦᠬᠠᠶ ᠬᠤᠲᠠ ᠶᠢᠨ ᠬᠤᠶᠠᠳᠤᠭᠠᠷ ᠬᠤᠭᠤᠴᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠶᠠᠪᠤᠭᠳᠠᠪᠠ
ᠨᠡᠶᠢᠲᠡᠯᠡᠭᠰᠡᠨ ᠴᠠᠭ᠄
2020/12/11

     

     12 ᠰᠠᠷ᠎ᠠ ᠶᠢᠨ 10 ᠤ ᠡᠳᠦᠷ᠂ ᠮᠠᠨ ᠤ ᠬᠤᠲᠠ ᠶᠢᠨ ᠬᠤᠶᠠᠳᠤᠭᠠᠷ ᠬᠤᠭᠤᠴᠠᠭᠠᠨ ᠤ ︽ᠦᠨᠳᠦᠰᠦᠲᠡᠨ ᠤ

ᠪᠦᠯᠬᠦᠮᠳᠡᠯ ᠬᠤᠨᠳᠠᠭᠠᠲᠤ︾ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠣᠳᠣ ᠦᠶ᠎ᠡ ᠶᠢᠨ ᠳᠤᠮᠳᠠᠳᠤ

ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠬᠤᠲᠠ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠬᠠᠢ ᠷᠦᠩ᠂

ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠣᠷᠣᠯᠴᠠᠪᠠ᠃

     ᠲᠤᠰ ᠤᠳᠠᠭᠠᠨ ᠤ ᠤᠷᠠᠨ ᠪᠢᠴᠢᠯᠭᠡ ᠶᠢᠨ ᠦᠵᠡᠭᠦᠯᠭᠡ ᠳᠤ ︽ᠳᠤᠮᠳᠠᠳᠤ ᠶᠢᠨ ᠦᠨᠳᠦᠰᠦᠲᠡᠨ ᠪᠣᠯ ᠨᠢᠭᠡ

ᠭᠡᠷ ᠤᠨ ᠬᠥᠮᠦᠨ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢᠶᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ

ᠭᠤᠤᠯ ᠰᠡᠳᠦᠪ ᠢᠶᠠᠷ ᠬᠢᠴᠢᠶᠡᠩᠭᠦᠶ ᠪᠢᠴᠢᠯᠭᠡ᠂ ᠬᠠᠪᠲᠠᠭᠠᠶ ᠪᠢᠴᠢᠯᠭᠡ᠂ ᠲᠠᠲᠠᠯᠭᠠᠨ ᠪᠢᠴᠢᠯᠭᠡ ᠪᠠᠷ ᠭᠤᠤᠯ

ᠪᠣᠯᠭᠠᠭᠰᠠᠨ ᠮᠣᠩᠭᠤᠯ ᠤᠷᠠᠨ ᠪᠢᠴᠢᠯᠭᠡ ᠶᠢᠨ 80 ᠪᠦᠲᠦᠭᠡᠯ ᠢ ᠳᠡᠯᠭᠡᠨ ᠦᠵᠡᠭᠦᠯᠵᠦ᠂ ᠮᠠᠨ ᠤ ᠬᠤᠲᠠ ᠶᠢᠨ

ᠮᠣᠩᠭᠤᠯ ᠤᠷᠠᠨ ᠪᠢᠴᠢᠯᠭᠡ ᠳᠤ ᠪᠠᠭ᠋ᠠᠲᠠᠢ ᠬᠥᠮᠦᠰ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠤᠷᠠᠨ

ᠪᠢᠴᠢᠯᠭᠡ ᠶᠢᠨ ᠦᠵᠡᠭᠦᠯᠦᠯᠭᠡ ᠶᠢ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ

ᠦᠨᠳᠦᠰᠦᠲᠡᠨ ᠤ ᠰᠣᠶᠣᠯ ᠤᠨ ᠰᠤᠳᠤᠯᠭᠠᠨ ᠤ ᠬᠤᠷᠠᠯ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠣᠬᠤᠢ

ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠠᠭᠠᠭᠠᠴᠢᠯᠠᠨ ᠡᠷᠬᠢᠯᠡᠵᠦ᠂ ᠬᠤᠲᠠ ᠶᠢᠨ ᠰᠣᠶᠣᠯ

ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠤᠷᠠᠨ ᠵᠢᠷᠤᠭ ᠤᠨ ᠣᠷᠳᠣᠨ

ᠬᠠᠮᠵᠢᠯᠴᠠᠨ ᠡᠷᠬᠢᠯᠡᠵᠦ᠂ ᠦᠵᠡᠭᠦᠯᠭᠡ ᠬᠠᠭᠠᠰ ᠰᠠᠷ᠎ᠠ ᠦᠷᠭᠦᠯᠵᠢᠯᠡᠬᠦ ᠪᠣᠯᠤᠨ᠎ᠠ᠃

     2014 ᠣᠨ ᠳᠤ ᠮᠣᠩᠭᠤᠯ ᠤᠷᠠᠨ ᠪᠢᠴᠢᠯᠭᠡ ᠨᠢ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ

ᠵᠢᠭᠰᠠᠭᠠᠭᠳᠠᠪᠠ᠃ ᠲᠤᠰ ᠤᠳᠠᠭᠠᠨ ᠤ ᠮᠣᠩᠭᠤᠯ ᠤᠷᠠᠨ ᠪᠢᠴᠢᠯᠭᠡ ᠶᠢᠨ ᠦᠵᠡᠭᠦᠯᠦᠯᠭᠡ ᠨᠢ ᠤᠷᠠᠨ ᠪᠢᠴᠢᠯᠭᠡ ᠶᠢᠨ

ᠣᠨᠴᠠᠯᠢᠭᠲᠤ ᠰᠣᠶᠣᠯ ᠢ ᠪᠠᠳᠠᠷᠠᠭᠤᠯᠬᠤ ᠶᠢᠨ ᠬᠠᠮᠲᠤ᠂ ᠮᠠᠨ ᠤ ᠬᠤᠲᠠ ᠶᠢᠨ ᠨᠠᠮ ᠤᠨ ᠦᠨᠳᠦᠰᠦᠲᠡᠨ ᠤ ᠣᠨᠣᠯ

ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠣᠯᠤᠭᠰᠠᠨ ᠦᠷ᠎ᠡ ᠪᠦᠲᠦᠮᠵᠢ ᠶᠢ

ᠲᠥᠪᠯᠡᠷᠡᠭᠦᠯᠦᠨ ᠳᠡᠯᠭᠡᠨ ᠦᠵᠡᠭᠦᠯᠵᠡᠢ᠃ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠦᠢᠯᠡᠰ ᠤᠨ

ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号